ᠬᠤᠯᠪᠤᠭ᠎ᠠ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠵᠦᠷᠢᠴᠡᠯ ᠵᠢᠭᠤᠷᠠᠯᠳᠤᠭᠠᠨ ᠢ ᠰᠠᠶᠢᠳᠤᠷ ᠰᠶᠢᠳᠪᠦᠷᠢᠯᠡᠵᠦ ᠤᠯᠠᠨ ᠲᠦᠮᠡᠨ ᠤ ᠡᠷᠭᠡ ᠠᠰᠢᠬ ᠢ ᠦᠨᠡᠨ ᠬᠦ ᠬᠠᠮᠠᠭᠠᠯᠠᠵᠦ ᠪᠤᠢ
ᠨᠡᠶᠢᠲᠡᠯᠡᠭᠰᠡᠨ ᠴᠠᠭ᠄
2024/6/12
    ᠬᠠᠤᠯᠢ ᠴᠠᠭᠠᠵᠠ ᠶᠢᠨ ᠭᠠᠵᠠᠷ ᠪᠣᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠮᠤᠭ ᠤᠨ ᠦᠨᠳᠦᠰᠦᠨ ᠱᠠᠲᠤᠨ ᠤ ᠨᠢᠭᠡᠴᠢ ᠮᠥᠨ᠂ ᠲᠡᠷᠡ ᠨᠢ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠠᠷᠠᠳ ᠲᠦᠮᠡᠨ ᠤ ᠵᠤᠯ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤᠮᠳᠠ ᠴᠢᠬᠤᠯᠠ ᠦᠢᠯᠡᠳᠦᠯ ᠪᠠᠳᠠᠷᠠᠭᠤᠯᠵᠤ ᠪᠠᠶᠢᠳᠠᠭ᠃     ︽ᠪᠢᠳᠡ ᠲᠡᠭᠦᠨ ᠳᠤ ᠲᠥᠯᠥᠪᠦᠷᠢ ᠥᠭᠴᠦ ᠪᠣᠯᠤᠨ᠎ᠠ᠂ ᠭᠡᠪᠡᠴᠦ ᠡᠨᠡ ᠵᠠᠷᠤᠳᠠᠯ ᠢ ᠵᠦᠢ ᠶᠣᠰᠣᠨ ᠳᠤ ᠨᠡᠶᠢᠴᠡᠭᠦᠯᠬᠦ ᠶᠤᠰᠤᠳᠠᠢ︾᠂ ︽ᠳᠡᠷᠡ ᠨᠠᠮ᠎ᠠ ᠶᠢ ᠰᠢᠷᠬᠠᠳᠤᠭᠤᠯᠵᠦ ᠠᠵᠢᠯ ᠢ ᠰᠠᠭᠠᠳᠠᠭᠠᠵᠠᠢ᠂ ᠵᠠᠪᠠᠯ ᠲᠥᠯᠥᠪᠦᠷᠢ ᠥᠭᠬᠦ ᠬᠡᠷᠡᠭᠲᠡᠶ︕︾ ᠭᠡᠵᠦ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠨᠢᠭᠡᠨ ᠳᠤᠰᠬᠤᠨ ᠤ ᠵᠦᠪᠯᠡᠯ ᠤᠨ ᠬᠤᠷᠠᠯ ᠤᠨ ᠭᠡᠷ ᠲᠤ᠂ ᠭᠡᠷᠡᠭ ᠲᠤ ᠬᠤᠯᠪᠤᠬᠳᠠᠬᠰᠠᠨ ᠳᠤᠬᠠᠢ ᠶᠢᠨ ᠬᠦᠮᠦᠰ ᠮᠠᠷᠭᠤᠯᠳᠤᠭᠠᠨ ᠪᠤᠯᠵᠦ᠂ ᠭᠡᠨ ᠭᠡᠨ ᠳᠡᠭᠡᠨ ᠴᠤ ᠨᠠᠶᠢᠷ ᠳᠠᠯᠪᠢᠬᠤ ᠦᠭᠡᠢ ᠪᠠᠶᠢᠯ᠎ᠠ᠃     ᠤᠶᠢᠯᠠᠭᠠᠬᠰᠠᠨ ᠢᠶᠠᠷ᠂ ᠬᠠᠨ ᠤᠪᠤᠬᠳᠦ᠂ ᠬᠦᠸᠧ ᠤᠪᠤᠬᠳᠦ᠂ ᠯᠢᠦ ᠤᠪᠤᠬᠳᠦ᠂ ᠵᠸᠡᠭ ᠤᠪᠤᠬᠳᠦ ᠵᠡᠷᠭᠡ ᠲᠦᠷᠪᠡᠨ ᠬᠦᠮᠦᠨ ᠠᠴᠠ ᠬᠤᠸᠠᠩ ᠤᠪᠤᠬᠳᠦ ᠶᠢ ᠬᠦᠯᠦᠰᠤᠯᠡᠨ ᠮᠤᠳᠦ ᠤᠬᠳᠤᠯᠬᠤ ᠠᠵᠢᠯ ᠬᠢᠯᠭᠡᠵᠠᠢ᠃ ᠠᠵᠢᠯ ᠤᠨ ᠳᠤᠮᠳᠠ ᠬᠤᠸᠠᠩ ᠤᠪᠤᠬᠳᠦ ᠬᠢᠴᠢᠶᠡᠮᠵᠢ ᠦᠭᠡᠢ ᠠᠴᠠ ᠪᠤᠯᠵᠦ ᠮᠤᠳᠤᠨ ᠮᠠᠲ᠋ᠧᠷᠢᠶᠠᠯ ᠳᠤ ᠳᠠᠷᠤᠬᠳᠠᠵᠦ ᠰᠢᠷᠬᠠᠳᠤᠵᠦ ᠂ ᠡᠮᠨᠡᠯᠭᠡ ᠶᠢᠨ ᠬᠤᠷᠢᠶᠠᠨ ᠳᠤ ᠡᠮᠨᠡᠬᠦᠯᠦᠭᠰᠡᠨ ᠤ ᠳᠠᠷᠠᠭ᠎ᠠ ᠭᠡᠷ ᠲᠡᠭᠡᠨ ᠬᠠᠷᠢᠵᠦ ᠰᠤᠪᠢᠯᠠᠨ ᠰᠠᠭᠤᠪᠠ᠃ ᠭᠡᠷᠡᠭ ᠤᠨ ᠳᠠᠷᠠᠭ᠎ᠠ᠂ ᠬᠤᠸᠠᠩ ᠤᠪᠤᠬᠳᠦ ᠶᠢᠨ ᠬᠢᠨ ᠬᠠᠨ ᠤᠪᠤᠬᠳᠦ ᠵᠡᠷᠭᠡ ᠲᠦᠷᠪᠡᠨ ᠬᠦᠮᠦᠨ ᠠᠴᠠ ᠡᠮᠴᠢᠯᠡᠭᠡᠨ ᠤ ᠵᠠᠷᠤᠳᠠᠯ ᠂ ᠠᠵᠢᠯ ᠰᠠᠭᠠᠳᠠᠬᠰᠠᠨ ᠵᠠᠷᠤᠳᠠᠯ ᠵᠢᠴᠢ ᠰᠢᠮ᠎ᠠ ᠳᠡᠵᠢᠭᠡᠯ ᠤᠨ ᠵᠠᠷᠤᠳᠠᠯ ᠠᠪᠬᠤ ᠬᠡᠪᠡ᠃ ᠬᠡᠳᠡᠯ᠎ᠠ ᠲᠦᠯᠦᠪᠦᠷᠢ ᠶᠢᠨ ᠮᠦᠡᠭᠬᠦ ᠨᠢ ᠭᠡᠳᠤᠷᠭᠡᠢ ᠦᠨᠳᠦᠷ ᠠᠴᠠ ᠬᠤᠶᠠᠷ ᠳᠠᠯ᠎ᠠ ᠪᠠᠷ ᠢᠶᠠᠨ ᠮᠠᠷᠭᠤᠯᠳᠤᠭᠠᠨ ᠪᠤᠯᠵᠦ᠂ ᠴᠢᠨᠠᠬᠰᠢᠯᠠᠪᠠᠯ ᠵᠦᠷᠢᠴᠡᠯ ᠵᠢᠭᠤᠷᠠᠯᠳᠤᠭᠠᠨ ᠪᠤᠯᠵᠦ ᠬᠤᠪᠢᠷᠠᠬᠰᠠᠨ ᠪᠠᠶᠢᠯ᠎ᠠ᠃     ᠵᠦᠷᠢᠴᠡᠯ ᠤᠨ ᠬᠤᠷᠴᠠᠳᠬᠤ ᠶᠢ ᠳᠠᠭᠠᠯᠳᠤᠨ᠂ ᠬᠤᠶᠠᠷ ᠳᠠᠯ᠎ᠠ ᠪᠠᠷ ᠢᠶᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠠᠴᠠ ᠬᠠᠪᠰᠤᠷᠤᠮᠵᠢ ᠭᠤᠶᠤᠴᠢᠯᠠᠵᠦ᠂ ᠲᠦᠪ ᠭᠤᠤᠯᠴᠢ ᠪᠠᠷ ᠰᠶᠢᠳᠪᠦᠷᠢᠯᠡᠨ ᠦᠭᠬᠦ ᠶᠢ ᠬᠦᠰᠡᠭᠰᠡᠨ ᠪᠠᠶᠢᠨ᠎ᠠ ᠃ ᠡᠶᠡᠳᠡᠭᠦᠯᠬᠦ ᠶᠠᠪᠤᠴᠠ ᠳᠤ᠂ ᠬᠠᠤᠯᠢ ᠴᠠᠭᠠᠵᠠ ᠶᠢᠨ ᠭᠠᠵᠠᠷ ᠤᠨ ᠡᠶᠡᠳᠡᠬᠦᠯᠦᠭᠴᠢ ᠠᠴᠠ ᠨᠠᠷᠢᠨ ᠪᠠᠶᠢᠳᠡᠯ ᠢ ᠤᠶᠢᠯᠠᠭᠠᠨ᠂ ᠬᠤᠶᠠᠷ ᠳᠠᠯ᠎ᠠ ᠶᠢᠨ ᠬᠦᠮᠦᠰ ᠤᠨ ᠰᠡᠳᠬᠢᠯᠭᠡ ᠶᠢ ᠳᠤᠰ ᠳᠤᠰ ᠲᠤᠨᠢ ᠳᠠᠶᠢᠳᠬᠤᠷᠠᠭᠤᠯᠵᠦ᠂ ᠬᠠᠤᠯᠢ ᠴᠠᠭᠠᠵᠠ᠂ ᠵᠦᠢ ᠶᠤᠰᠤ᠂ ᠬᠠᠶᠢᠷ᠎ᠠ ᠰᠡᠳᠬᠢᠯᠭᠡ ᠵᠡᠷᠭᠡ ᠭᠤᠷᠪᠠᠨ ᠳᠠᠯ᠎ᠠ ᠠᠴᠠ ᠭᠠᠷᠳᠡᠨ ᠡᠶᠡᠳᠡᠬᠦᠯᠭᠡ ᠶᠢᠨ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠲᠠᠢ ︽ᠨᠢᠭᠤᠷᠲᠠᠨ︾ ᠶᠠᠷᠢᠯᠴᠠᠵᠦ᠂ ᠬᠥᠮᠦᠨ ᠤ ᠪᠡᠶ᠎ᠡ ᠶᠢᠨ ᠬᠤᠬᠢᠷᠠᠯ ᠤᠨ ᠲᠥᠯᠥᠪᠦᠷᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠵᠤᠷᠪᠤᠰ ᠢ ᠲᠣᠳᠣᠷᠬᠠᠶᠢᠯᠠᠨ ᠲᠠᠶᠢᠯᠪᠤᠷᠢᠯᠠᠨ᠂ ᠬᠤᠶᠠᠷ ᠲᠠᠯ᠎ᠠ ᠶᠢ ᠬᠠᠪᠰᠤᠷᠤᠨ ᠲᠥᠯᠥᠪᠦᠷᠢ ᠶᠢᠨ ᠵᠣᠭᠤᠰ ᠤᠨ ᠲᠤᠭ᠎ᠠ ᠶᠢ ᠵᠥᠪᠳᠡᠯᠴᠡᠨ ᠲᠣᠭᠲᠠᠭᠠᠵᠤ᠂ ᠬᠠᠤᠯᠢ ᠶᠣᠰᠣᠨ ᠳᠤ ᠨᠡᠶᠢᠴᠡᠬᠦ ᠮᠥᠷᠲᠡᠭᠡᠨ ᠵᠦᠶ ᠶᠣᠰᠣ ᠶᠢ ᠥᠯᠥ ᠵᠦᠷᠢᠴᠡᠬᠦ ᠡᠶᠡᠳᠡᠭᠦᠯᠭᠡ ᠶᠢᠨ ᠦᠷ᠎ᠡ ᠳ᠋ᠦᠩ ᠢ ᠪᠤᠶ ᠪᠣᠯᠭᠠᠭᠰᠠᠨ ᠪᠠᠶᠢᠨ᠎ᠠ᠃ ᠡᠴᠦᠰ ᠲᠡᠭᠡᠨ ᠬᠠᠤᠯᠢ ᠴᠠᠭᠠᠵᠠ ᠶᠢᠨ ᠭᠠᠵᠠᠷ ᠪᠠ ᠳᠤᠰᠬᠤᠨ ᠤ ᠠᠷᠠᠳ ᠤᠨ ᠵᠥᠪᠯᠡᠯ ᠤᠨ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠡᠶᠡᠳᠡᠭᠦᠯᠭᠡ ᠶᠢᠨ ᠬᠡᠯᠡᠯᠴᠡᠭᠡᠷ ᠲᠣᠭᠲᠠᠵᠤ᠂ ᠭᠠᠷ ᠠᠳᠬᠤᠨ ᠨᠠᠶᠢᠷᠠᠮᠳᠠᠯ ᠢᠶᠠᠷ ᠰᠶᠢᠳᠪᠦᠷᠢᠯᠡᠭᠳᠡᠪᠡ᠃      ᠵᠠᠯᠠᠶᠢᠳ ᠬᠤᠰᠢᠭᠤᠨ ᠤ ᠬᠤᠯᠪᠤᠭ᠎ᠠ ᠬᠠᠤᠯᠢ ᠴᠠᠭᠠᠵᠠ ᠶᠢᠨ ᠭᠠᠵᠠᠷ ᠤᠨ ᠬᠢᠨ ︽ᠬᠠᠤᠯᠢ ᠴᠠᠭᠠᠵᠠ᠂ ᠵᠦᠢ ᠶᠤᠰᠤ᠂ ᠬᠠᠶᠢᠷ᠎ᠠ ᠰᠡᠳᠬᠢᠯᠭᠡ︾ ᠶᠢ ᠤᠷᠠᠨ ᠢᠶᠠᠷ ᠤᠶᠠᠯᠳᠤᠭᠤᠯᠤᠨ᠂ ᠤᠯᠠᠨ ᠲᠦᠮᠡᠨᠴᠢ ᠱᠤᠭᠤᠮ ᠢ ᠪᠠᠷᠢᠮᠳᠠᠯᠠᠵᠦ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠤᠨ ᠦᠢᠯᠡᠳᠦᠯ ᠢ ᠪᠠᠳᠠᠷᠠᠭᠤᠯᠤᠨ᠂ ᠤᠯᠠᠨ ᠲᠦᠮᠡᠨ ᠤ ᠬᠠᠤᠯᠢ ᠶᠤᠰᠤᠨ ᠤ ᠡᠷᠭᠡ ᠠᠰᠢᠬ ᠢ ᠰᠠᠶᠢᠳᠤᠷ ᠬᠠᠮᠠᠭᠠᠯᠠᠵᠦ ᠪᠠᠶᠢᠭ᠎ᠠ ᠶᠤᠮ᠃ ᠳᠠᠷᠠᠭᠠᠴᠢ ᠪᠠᠷ᠂ ᠬᠤᠯᠪᠤᠭ᠎ᠠ ᠬᠠᠤᠯᠢ ᠴᠠᠭᠠᠵᠠ ᠶᠢᠨ ᠭᠠᠵᠠᠷ ᠤᠨ ᠬᠢᠨ ᠦᠷᠬᠦᠯᠵᠢᠯᠡᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠦᠷᠭᠦᠯᠵᠢᠯᠡᠨ ᠪᠠᠷᠢᠮᠲᠠᠯᠠᠨ ᠬᠥᠭᠵᠢᠭᠦᠯᠵᠦ᠂ ᠠᠷᠠᠳ ᠤᠨ ᠡᠶᠡᠳᠡᠭᠦᠯᠦᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠵᠢᠴᠢ ᠤᠯᠠᠨ ᠡᠰᠢᠵᠢᠬᠦᠯᠦᠨ ᠰᠢᠢᠳᠪᠦᠷᠢᠯᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨᠬᠦ ᠬᠠᠮᠠᠭᠠᠯᠠᠬᠤ ᠪᠤᠯᠤᠨ᠎ᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号