| ︽ᠥᠨᠥᠳᠦᠷ ᠪᠢ ᠮᠠᠨ ᠤ ᠠᠭᠤᠳᠠᠮ ᠲᠠᠯᠠᠪᠠᠢ ᠶᠢᠨ ᠪᠥᠵᠢᠭ ᠤᠨ ᠠᠩᠬᠢ ᠳᠠᠭᠠᠨ ︿ᠲᠠᠯ᠎ᠠ ᠨᠤᠲᠤᠭ ᠤᠨ | ᠪᠢᠴᠢᠬᠠᠨ ᠪᠠᠭᠠᠲᠤᠷ ᠡᠭᠡᠴᠢ ᠥᠬᠢᠨ ᠳᠡᠭᠦᠦ﹀ ᠶᠢᠨ ᠦᠯᠢᠬᠡᠷ ᠢ ᠶᠠᠷᠢᠵᠤ ᠥᠭᠭᠦᠶ᠎ᠠ᠃ 1964 ᠣᠨ ᠤ 2 | ᠰᠠᠷ᠎ᠠ ᠳᠤ᠂ ᠯᠥᠩ ᠮᠧᠶ᠂ ᠢᠦᠶ ᠷᠦᠩ ᠡᠭᠡᠴᠢ ᠥᠬᠢᠨ ᠳᠡᠭᠦᠦ ᠬᠤᠶᠠᠷ ᠠᠮᠠᠷᠠᠯᠲᠠ ᠶᠢᠨ ᠬᠤᠭᠤᠴᠠᠭ᠎ᠠ ᠪᠠᠨ | ᠠᠰᠢᠭᠯᠠᠨ᠂ ᠰᠠᠨᠠᠭᠠᠴᠢᠯᠠᠭ᠎ᠠ ᠠᠴᠠ ᠪᠠᠨ ᠦᠢᠯᠡᠳᠪᠦᠷᠢᠯᠡᠯ ᠤᠨ ᠪᠠᠷᠢᠭᠠᠳᠠ ᠶᠢᠨ 300 ᠭᠠᠷᠤᠶ ᠬᠤᠨᠢ ᠶᠢ | ᠬᠠᠷᠢᠭᠤᠯᠤᠯ᠎ᠠ ᠁︾ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠪᠤᠯᠭᠠᠨᠬᠤᠸᠠ ᠭᠠᠴᠠᠭᠠᠨ ᠤ | ᠰᠣᠶᠣᠯ ᠤᠨ ᠠᠵᠢᠯᠯᠠᠭᠠᠨ ᠤ ᠲᠠᠰᠤᠭ ᠲᠤ᠂ ᠦᠨᠳᠦᠰᠦᠲᠡᠨ ᠨᠦᠭᠦᠳ ᠤᠨ ᠬᠡᠳᠦᠨ ᠠᠷᠪᠠᠨ ᠣᠯᠠᠨ ᠲᠦᠮᠡᠨ | ᠬᠦᠷᠢᠶᠡᠯᠡᠨ ᠰᠠᠭᠤᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠢᠮᠡᠳᠡᠢ ᠰᠣᠨᠣᠰᠴᠤ᠂ | ᠠᠯᠠᠭ᠎ᠠ ᠲᠡᠰᠢᠯᠲᠡ ᠶᠢᠨ ᠲᠠᠭᠤᠨ ᠪᠠᠶᠢᠨ ᠲᠠᠬᠢᠨ ᠨᠢᠵᠢᠬᠢᠨᠡᠨᠡ᠃ | ᠵᠠᠯᠠᠶᠢᠳ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠠᠶᠢᠭᠤᠯᠬᠤ ᠲᠤᠯᠤᠭᠠᠨ ᠲᠠᠯ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠢᠵᠢᠯ ᠲᠥᠪᠲᠦ ᠠᠭᠤᠳᠠᠮ | ᠲᠠᠯᠠᠪᠠᠶ︾᠂ ︽ᠢᠵᠢᠯ ᠲᠥᠪᠲᠦ ᠴᠡᠴᠡᠷᠯᠢᠭ︾ ᠵᠡᠷᠭᠡ ᠠᠴᠢᠶᠠᠯᠠᠪᠤᠷᠢ ᠶᠢᠨ ᠪᠠᠶᠢᠭᠤᠯᠤᠯᠲᠠ ᠶᠢ ᠪᠣᠳᠠᠲᠠᠶᠢᠵᠢᠭᠤᠯᠵᠤ᠂ | ︽ᠠᠨᠠᠷ ᠤᠨ ᠦᠷ᠎ᠡ ᠶᠢ ᠪᠤᠶᠢᠵᠢᠭᠤᠯᠬᠤ ᠢᠨᠵᠧᠨᠧᠷᠢᠩ︾ ᠢ ᠬᠡᠷᠡᠭᠵᠢᠭᠦᠯᠵᠦ᠂ ︽ᠨᠢᠭᠡ ᠪᠠᠯᠭᠠᠰᠤ ᠨᠢᠭᠡ | ᠦᠢᠯᠡᠳᠬᠦᠨ ᠲᠠᠢ ᠪᠠᠶᠢᠬᠤ︾᠂ ︽ᠨᠢᠭᠡ ᠭᠡᠰᠢᠭᠦᠨ ᠨᠢᠭᠡᠴᠢ ᠨᠢᠭᠡ ᠣᠨᠴᠠᠯᠢᠭ ᠲᠠᠢ ᠪᠠᠶᠢᠬᠤ︾ ᠵᠡᠷᠭᠡ ᠨᠠᠷᠠᠲᠤ | ᠲᠥᠷᠥᠯ ᠲᠡᠮᠳᠡᠭᠲᠦ ᠶᠢ ᠱᠤᠭᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠠᠩ | ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠲᠠᠰ ᠳᠠᠪᠬᠤᠷᠭ᠎ᠠ ᠲᠡᠶᠢᠰᠢ ᠥᠷᠭᠡᠳᠭᠡᠬᠦ ᠶᠢ ᠠᠬᠢᠭᠤᠯᠵᠤ᠂ | ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ | ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ | ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ᠂ ᠠᠵᠢᠯ ᠣᠯᠭᠤᠯᠲᠠ ᠶᠢᠨ ᠪᠣᠯᠪᠠᠰᠤᠷᠠᠯ ᠵᠡᠷᠭᠡ | ᠠᠵᠢᠯᠯᠠᠭ᠎ᠠ ᠶᠢ 1200 ᠤᠳᠠᠭ᠎ᠠ ᠵᠣᠬᠢᠶᠠᠨ ᠪᠠᠶᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ︽ᠡᠷᠦᠬᠡ | ᠬᠤᠯᠪᠣᠭᠠᠯᠠᠨ ᠰᠡᠳᠭᠢᠯ ᠢᠶᠠᠨ ᠨᠢᠭᠡᠳᠭᠡᠬᠦ︾ ᠠᠵᠢᠯᠯᠠᠭ᠎ᠠ ᠶᠢ ᠥᠷᠨᠢᠭᠦᠯᠵᠦ᠂ ᠡᠷᠦᠬᠡ ᠳᠤ ᠬᠦᠷᠴᠤ ᠲᠥᠷᠥ ᠶᠢᠨ | ᠪᠣᠳᠣᠯᠭ᠎ᠠ ᠶᠢ 2.5 ᠲᠦᠮᠡᠨ ᠤᠳᠠᠭ᠎ᠠ ᠤᠬᠠᠭᠤᠯᠵᠤ᠂ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠶᠢ 3100 | ᠵᠤᠷᠪᠤᠰ ᠴᠤᠭᠯᠠᠭᠤᠯᠤᠨ᠂ ᠪᠣᠳᠠᠲᠠᠶ ᠬᠦᠴᠢᠷᠳᠡᠯ ᠢ 2100 ᠬᠤᠪᠢ ᠰᠢᠢᠳᠪᠦᠷᠢᠯᠡᠪᠡ᠃ | ᠣᠳᠣᠬᠠᠨ ᠳᠤ᠂ ᠵᠠᠯᠠᠶᠢᠳ ᠬᠤᠰᠢᠭᠤᠨ ᠤ ᠠᠷᠪᠡᠨᠬᠡᠷ ᠪᠠᠯᠭᠠᠰᠤᠨ ᠤ ᠷᠦᠢ ᠴᠢᠦ ᠲᠠᠷᠢᠶᠠᠯᠠᠩ ᠮᠠᠯ ᠠᠵᠤ | ᠠᠬᠤᠢ ᠶᠢᠨ ᠲᠤᠰᠬᠠᠢ ᠬᠤᠷᠰᠢᠶ᠎ᠠ ᠶᠢᠨ ᠬᠠᠷ᠎ᠠ ᠳᠡᠯᠳᠡᠦ ᠲᠠᠷᠢᠬᠤ ᠰᠠᠭᠤᠷᠢᠨ ᠤ ᠲᠤᠯᠠᠭᠠᠨ ᠬᠦᠯᠡᠮᠵᠢ ᠳᠤ᠂ ᠬᠠᠷ᠎ᠠ | ᠲᠡᠯᠳᠡᠦ ᠶᠢᠨ ᠪᠠᠭᠠᠨ᠎ᠠ ᠮᠦᠷ ᠮᠦᠷ ᠢᠶᠠᠷ ᠵᠢᠭᠳᠡ ᠵᠢᠭᠰᠠᠵᠤ᠂ ᠠᠵᠢᠯᠴᠢᠳ ᠬᠠᠷ᠎ᠠ ᠲᠡᠯᠳᠡᠦ ᠲᠡᠬᠦᠵᠦ ᠶᠠᠭᠠᠷᠠᠯᠳᠤᠨ᠎ᠠ ᠁ | | ︽ᠡᠨᠡ ᠵᠢᠯ ᠪᠣᠯ ᠮᠠᠨ ᠤ ᠬᠠᠷ᠎ᠠ ᠲᠡᠯᠳᠡᠦ ᠳᠠᠷᠢᠬᠰᠠᠨ ᠲᠠᠪᠤᠳᠤᠭᠠᠷ ᠵᠢᠯ ᠪᠣᠯᠤᠨ᠎ᠠ᠂ ᠲᠣᠰᠬᠤᠨ ᠤ ᠬᠤᠷᠰᠢᠶ᠎ᠠ | ᠬᠠᠷ᠎ᠠ ᠲᠡᠯᠳᠡᠦ ᠶᠢᠨ ᠪᠠᠭᠠᠨ᠎ᠠ ᠪᠠ ᠮᠡᠷᠭᠡᠵᠢᠯ ᠬᠠᠩᠭᠠᠬᠤ ᠶᠢᠨ ᠬᠠᠮᠲᠤ ᠵᠠᠬᠢᠶᠠᠯᠠᠭ᠎ᠠ ᠶᠢ ᠬᠤᠷᠢᠶᠠᠨ ᠠᠪᠳᠠᠭ ᠠᠴᠠ ᠵᠢᠯ | ᠪᠦᠷᠢ ᠶᠢᠨ ᠠᠰᠢᠭ ᠣᠷᠣᠯᠭ᠎ᠠ ᠵᠦᠭᠡᠷ ᠪᠠᠶᠢᠨ᠎ᠠ᠃ ᠨᠢᠳᠤᠨᠤᠨ ᠮᠠᠨ ᠤ ᠬᠢᠨ 2 ᠲᠦᠮᠡᠨ ᠪᠠᠭᠠᠨ᠎ᠠ ᠬᠠᠷ᠎ᠡ ᠲᠡᠯᠳᠡᠦ | ᠲᠠᠷᠢᠪᠠ᠂ ᠵᠢᠯ ᠤᠨ ᠴᠡᠪᠡᠷ ᠣᠷᠣᠯᠭ᠎ᠠ 5 ᠲᠦᠮᠡ ᠠᠴᠠ ᠳᠡᠭᠡᠭᠰᠢ ᠳᠤ ᠬᠦᠷᠴᠠᠢ︾ ᠭᠡᠵᠦ ᠲᠣᠰᠬᠤᠨ ᠤ ᠠᠷᠠᠳ | ᠰᠢ ᠶᠢᠨ ᠯᠦᠩ ᠬᠡᠯᠡᠪᠡ᠃ ᠷᠦᠢ ᠴᠢᠦ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠬᠡᠷᠡᠭ | ᠡᠷᠬᠢᠯᠡᠭᠴᠢᠳ ᠤᠨ ᠳᠠᠷᠤᠭ᠎ᠠ ᠮᠠ ᠾᠧ ᠫᠢᠩ ᠤᠨ ᠬᠠᠪᠰᠤᠷᠤᠯᠭ᠎ᠠ ᠳᠤᠤᠷ᠎ᠠ᠂ ᠰᠢ ᠶᠢᠨ ᠯᠦᠩ ᠬᠠᠷ᠎ᠠ ᠳᠠᠯᠳᠠᠤ | ᠳᠠᠷᠢᠵᠤ᠂ ᠵᠢᠷᠭᠠᠯᠲᠤ ᠠᠮᠢᠳᠤᠷᠠᠯ ᠢᠶᠠᠨ ᠴᠤᠭᠴᠠᠯᠠᠨ᠎ᠠ᠃ ᠮᠠ ᠾᠧ ᠫᠢᠩ ᠪᠣᠯ ︽ᠨᠠᠶᠠᠭᠠᠳ ᠣᠨ︾ ᠳᠤ | ᠲᠥᠷᠥᠭᠰᠡᠨ ᠮᠣᠩᠭᠤᠯ ᠵᠠᠯᠠᠭᠤ ᠶᠤᠮ᠂ ᠣᠯᠠᠨ ᠵᠢᠯ ᠤᠨ ᠲᠤᠷᠰᠢ᠂ ᠲᠡᠷᠡ 600 ᠭᠠᠷᠤᠶ ᠡᠷᠦᠬᠡ | ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠬᠠᠷ᠎ᠠ ᠳᠠᠯᠳᠠᠤ ᠳᠠᠷᠢᠵᠤ᠂ 1200 ᠭᠠᠷᠤᠶ | ᠬᠥᠮᠦᠨ ᠳᠤ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠬᠦᠯᠵᠡᠢ᠃ | ᠤᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤ ᠴᠢᠨᠠᠷ ᠰᠠᠶᠢᠲᠠᠶ ᠬᠥᠭᠵᠢᠯᠲᠡ ᠶᠢᠨ | ᠤᠶᠢᠯᠠᠭᠠᠭᠳᠠᠬᠤᠨ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ | ᠠᠵᠤ ᠦᠢᠯᠡᠰ᠂ ᠲᠥᠷᠥᠯ ᠵᠦᠢᠯ᠂ ᠠᠷᠠᠳ ᠤᠨ ᠠᠮᠢᠳᠤᠷᠠᠯ᠂ ᠠᠮᠤᠷ ᠲᠦᠪᠰᠢᠨ ᠢ ᠠᠳᠬᠤᠵᠤ᠂ ᠬᠠᠮᠲᠤ ᠪᠠᠷ | ᠪᠠᠶᠠᠵᠢᠬᠤ ᠶᠢ ᠠᠬᠢᠭᠤᠯᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢᠨ ᠪᠣᠳᠠᠰ ᠤᠨ | ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠢ | ᠤᠯᠠᠮ ᠰᠠᠶᠢᠵᠢᠷᠠᠭᠤᠯᠵᠤ᠂ ᠤᠯᠠᠮ ᠭᠤᠶᠣ ᠰᠠᠶᠢᠬᠠᠨ ᠪᠣᠯᠭᠠᠵᠤ᠂ ᠤᠯᠠᠮ ᠴᠡᠴᠡᠭᠯᠡᠬᠦᠯᠦᠨ ᠬᠥᠭᠵᠢᠭᠦᠯᠵᠦ ᠪᠤᠢ᠃ | ᠵᠠᠯᠠᠶᠢᠳ ᠬᠤᠰᠢᠭᠤᠨ ᠤ ᠴᠤᠤᠯ ᠶᠢᠨ ᠵᠤ᠋ ᠶᠢᠨ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ | ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠰᠠᠭᠤᠷᠢᠨ ᠳᠤ᠂ ᠲᠤᠳᠤᠷᠭᠠᠨ ᠴᠢᠬᠢ ᠶᠢᠨ ᠤᠷᠭᠤᠴᠠ ᠶᠢᠨ | ᠪᠠᠶᠢᠳᠠᠯ ᠬᠥᠮᠦᠰ ᠤᠨ ᠰᠡᠳᠬᠢᠯ ᠢ ᠡᠷᠭᠡ ᠦᠭᠡᠢ ᠪᠠᠶᠠᠰᠬᠠᠨ᠎ᠠ᠃ ︽ᠴᠤᠤᠯ ᠭᠤᠣᠯ ᠤᠨ ᠬᠥᠪᠡᠭᠡᠨ ᠳᠠᠬᠢ ᠬᠠᠷ᠎ᠠ | ᠬᠥᠷᠥᠰᠥᠨ ᠳᠤ᠂ ᠦᠨᠳᠦᠰᠦᠲᠡᠨ ᠨᠦᠭᠦᠳ ᠤᠨ ᠠᠬ᠎ᠠ ᠳᠡᠭᠦᠦ ᠨᠡᠷ ᠲᠠᠢ ᠬᠠᠮᠲᠤ ᠪᠠᠷ ᠤᠰᠤᠨ ᠲᠤᠲᠤᠷᠭ᠎ᠠ ᠲᠠᠷᠢᠵᠤ᠂ | ᠲᠤᠲᠤᠷᠭ᠎ᠠ ᠶᠢᠨ ᠠᠩᠬᠢᠯᠤᠮ᠎ᠠ ᠦᠨᠦᠷ ᠲᠤ ᠰᠤᠭᠳᠤᠭᠤᠷᠠᠵᠤ᠂ ᠠᠮᠳᠠᠳᠤ ᠪᠤᠳᠠᠭ᠎ᠠ ᠵᠤᠭᠤᠭᠯᠠᠡᠵᠦ᠂ ᠰᠠᠶᠢᠨ | ᠰᠠᠶᠢᠬᠠᠨ ᠠᠮᠢᠳᠤᠷᠠᠯ ᠢ ᠡᠳ᠋ᠯᠡᠬᠦ ᠶᠤᠮᠰᠠᠨ ᠭᠡᠵᠦ ᠠᠯᠢ ᠡᠷᠲᠡ ᠠᠴᠠ ᠬᠦᠰᠡᠵᠦ ᠪᠤᠳᠤᠵᠤ ᠢᠷᠡᠭᠰᠡᠨ ᠶᠤᠮ︾ ᠭᠡᠵᠦ | ᠫᠢᠶᠣᠣ ᠴᠧᠩ ᠺᠦᠶ ᠬᠡᠯᠡᠪᠠ᠃ ᠫᠢᠶᠣᠣ ᠴᠧᠩ ᠺᠦᠶ ᠪᠣᠯ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠰᠢᠶᠠᠨ | ᠭᠤᠸᠠᠩ ᠲᠣᠰᠬᠤᠨ ᠤ ᠠᠵᠢᠯᠴᠢ ᠪᠣᠷᠣᠭᠵᠢᠭᠤᠨ ᠰᠣᠯᠣᠩᠭᠤᠰ ᠲᠠᠷᠢᠶᠠᠴᠢᠨ᠂ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠪᠣᠯᠤᠨ᠎ᠠ᠃ ᠲᠡᠷᠡ ᠲᠤᠬᠠᠢ ᠶᠢᠨ ᠭᠠᠵᠠᠷ ᠤᠨ | ᠦᠨᠳᠦᠰᠦᠲᠡᠨ ᠨᠦᠭᠦᠳ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠤᠰᠤᠨ ᠲᠤᠲᠤᠷᠭ᠎ᠠ ᠲᠠᠷᠢᠭᠠᠳ 40 ᠭᠠᠷᠤᠢ | ᠵᠢᠯ ᠪᠤᠯᠵᠤ᠂ ᠪᠣᠬᠢᠷᠲᠤᠯ ᠦᠭᠡᠢ ᠣᠷᠭᠠᠨᠢᠭ ᠤᠰᠤᠨ ᠲᠤᠲᠤᠷᠭ᠎ᠠ ᠲᠠᠷᠢᠬᠤ ᠠᠷᠭ᠎ᠠ ᠵᠠᠮ ᠢ ᠰᠦᠪᠡᠭᠴᠢᠯᠡᠨ ᠭᠠᠷᠭᠠᠵᠤ | ᠦᠪᠡᠷᠮᠢᠴᠡ ᠲᠦᠷᠦᠯ ᠲᠡᠮᠳᠡᠭ ᠢ ᠡᠬᠦᠳᠦᠭᠰᠡᠨ ᠪᠠᠶᠢᠨ᠎ᠠ᠃ | ᠣᠳᠣᠬᠠᠨ ᠳᠤ᠂ ᠲᠣᠰ ᠬᠤᠰᠢᠭᠤᠨ ᠳᠤ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ 3᠂ ︽ᠳᠤᠮᠳᠠᠳᠤ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠤᠨᠴᠠᠯᠢᠭᠳᠤ ᠲᠣᠰᠬᠤᠨ︾ 4 ᠪᠤᠢ᠃ | ᠪᠤᠦ ᠢᠦᠢ ᠶᠢᠩ ᠮᠡᠳᠡᠭᠡᠯᠡᠪᠡ |