ᠪᠡᠭᠡᠵᠢᠩ ᠬᠤᠳᠠ ᠶᠢᠨ 32 ᠬᠡᠥᠬᠡᠳ ︽ᠲᠦᠷᠦᠬᠦᠦ ᠪᠦᠯᠦᠭ ᠤᠨ ︿ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠪᠢᠴᠢᠬᠠᠨ ᠡᠯᠴᠢ﹀︾ ᠪᠣᠯᠵᠤ᠂ 6 ᠰᠠᠷ᠎ᠠ ᠶᠢᠨ 1 — 5 ᠤ ᠡᠳᠦᠷ ᠪᠤᠯᠳᠠᠯ᠎ᠠ ᠵᠠᠯᠠᠶᠢᠳ | ᠬᠤᠰᠢᠭᠤᠨ ᠳᠤ ︽ᠲᠠᠷᠢᠶᠠᠯᠠᠩ ᠤᠨ ᠪᠠᠶᠠᠰᠤᠯ ᠢ ᠪᠡᠶᠡᠴᠢᠯᠡᠨ ᠤᠶᠢᠯᠠᠭᠠᠵᠦ᠂ ᠪᠠᠶᠢᠭᠠᠯᠢ ᠶᠢᠨ ᠰᠠᠶᠢᠬᠠᠨ ᠢ ᠮᠡᠳᠡᠷᠡᠬᠦ︾ | ᠬᠦᠳᠡᠯᠮᠦᠷᠢ ᠶᠢᠨ ᠰᠤᠷᠭᠠᠨ ᠬᠦᠮᠦᠵᠢᠯ ᠦᠵᠡᠯ ᠰᠠᠨᠠᠭᠠᠨ ᠤ ᠬᠢᠴᠢᠶᠡᠯᠯᠡᠭᠡ ᠳᠤ ᠤᠷᠤᠯᠴᠠᠨ᠂ ᠲᠡᠯᠡᠬᠡᠢ ᠶᠢᠨ | ᠬᠡᠥᠬᠡᠳ ᠤᠨ ᠪᠠᠶᠠᠷ ᠢᠶᠠᠨ ᠤᠳᠬ᠎ᠠ ᠠᠭᠤᠯᠭ᠎ᠠ ᠲᠠᠢ ᠦᠩᠭᠡᠷᠡᠬᠦᠯᠵᠡᠢ᠃ | ᠠᠩᠬ᠎ᠠ ᠤᠳᠠᠭ᠎ᠠ ᠦᠪᠦᠷ ᠮᠤᠩᠭᠤᠯ ᠳᠤ ᠢᠷᠡᠵᠦ ᠪᠠᠶᠢᠭ᠎ᠠ ᠰᠤᠷᠤᠭᠴᠢᠳ ᠪᠠᠶᠠᠷᠯᠠᠯᠳᠤᠨ ᠬᠦᠭᠰᠡᠵᠦ᠂ ᠭᠠᠷ | ᠤᠳᠠᠰᠤ ᠪᠠᠨ ᠭᠠᠷᠭᠠᠨ ᠰᠢᠩᠭᠡᠭᠡᠯᠳᠡ ᠬᠢᠵᠦ ᠪᠠᠶᠢᠯ᠎ᠠ᠃ ︽ᠤᠤᠯ ᠨᠢ ᠦᠪᠦᠷ ᠮᠤᠩᠭᠤᠯ ᠬᠡᠭᠴᠢ ᠬᠦᠪᠡᠭᠡ ᠬᠢᠵᠠᠭᠠᠷ | ᠦᠬᠡᠢ ᠠᠭᠤᠳᠠᠮ ᠳᠠᠯ᠎ᠠ ᠭᠡᠵᠦ ᠪᠤᠳᠤᠳᠠᠭ ᠪᠠᠶᠢᠭᠰᠠᠨ᠂ ᠡ᠊ᠨᠳᠡ ᠲᠠᠷᠢᠶ᠎ᠠ ᠲᠦᠮᠦᠰᠦ ᠪᠠᠰᠠ ᠶᠡᠭᠡ ᠤᠯᠠᠨ ᠪᠠᠶᠢᠨ᠎ᠠ᠃ | ᠠᠭᠤᠷ ᠠᠮᠢᠰᠬᠤᠯ ᠮᠠᠰᠢ ᠰᠡᠷᠢᠬᠦᠨ ᠳᠠᠭᠠᠯᠠᠮᠵᠢᠳᠠᠢ᠂ ᠬᠠᠮᠢᠭᠠᠰᠢ ᠬᠠᠷᠠᠭᠰᠠᠨ ᠴᠦ ᠬᠠᠷᠠᠭ᠎ᠠ ᠴᠢᠯᠡᠬᠡᠮᠠ ᠨᠤᠭᠤᠭᠠᠨ | ᠮᠦᠷᠳᠡᠭᠡᠨ ᠨᠠᠮ ᠵᠢᠮ᠂ ᠶᠡᠭᠡ ᠰᠠᠶᠢᠬᠠᠨ ᠪᠠᠶᠢᠨ᠎ᠠ︾ ᠬᠡᠵᠦ ᠪᠡᠭᠡᠵᠢᠩ ᠤᠨ ᠰᠤᠷᠤᠭᠴᠢ ᠯᠢ ᠮᠦᠸᠧ ᠬᠠᠨ ᠬᠡᠯᠡᠨ᠎ᠠ᠃ | ᠰᠤᠳᠤᠯᠤᠨ ᠰᠤᠷᠤᠯᠴᠠᠬᠤ ᠠᠵᠢᠯᠯᠠᠭ᠎ᠠ ᠨᠢ ᠰᠤᠷᠤᠭᠴᠢᠳ ᠲᠤ ᠬᠠᠶᠢᠨ ᠰᠢᠨᠵᠢᠯᠡᠯᠲᠡ ᠪᠠ ᠪᠡᠶᠡᠴᠢᠯᠡᠨ ᠣᠶᠢᠯᠠᠭᠠᠬᠤ | ᠴᠢᠨᠠᠷᠲᠠᠢ ᠰᠤᠷᠤᠯᠴᠠᠯᠭ᠎ᠠ ᠶᠢᠨ ᠨᠦᠬᠦᠴᠡᠯ ᠬᠠᠩᠭᠠᠵᠤ᠂ ᠲᠤᠬᠠᠢ ᠶᠢᠨ ᠭᠠᠵᠠᠷ ᠤᠨ ᠲᠡᠦᠬᠡ ᠰᠣᠶᠣᠯ᠂ ᠪᠠᠶᠢᠭᠠᠯᠢ | ᠠᠬᠤᠢ ᠪᠠ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠭᠦᠨᠵᠡᠭᠡᠢ ᠣᠶᠢᠯᠠᠭᠠᠭᠤᠯᠵᠠᠢ᠃ ᠰᠤᠷᠤᠭᠴᠢᠳ | ᠤᠰᠤᠨ ᠲᠤᠲᠤᠷᠭ᠎ᠠ ᠶᠢᠨ ᠲᠠᠷᠢᠶᠠᠨ ᠳᠤ ᠬᠦᠷᠴᠦ ᠲᠠᠷᠢᠶᠠᠯᠠᠭ᠎ᠠ ᠶᠢᠨ ᠶᠠᠪᠤᠴᠠ ᠪᠤᠯᠤᠨ ᠲᠠᠷᠢᠶᠠᠯᠠᠬᠤ ᠰᠣᠶᠣᠯ ᠢ | ᠭᠦᠨᠵᠡᠭᠡᠢ ᠣᠶᠢᠯᠠᠭᠠᠵᠦ᠂ ᠠᠮᠤ ᠪᠤᠳᠠᠭ᠎ᠠ ᠶᠢ ᠠᠷᠪᠢᠯᠠᠬᠤ ᠶᠢᠨ ᠴᠢᠬᠤᠯᠠ ᠴᠢᠨᠠᠷ ᠢ ᠭᠦᠨᠵᠡᠭᠡᠢ ᠮᠡᠳᠡᠷᠡᠭᠰᠡᠨ ᠮᠦᠷᠳᠡᠭᠡᠨ | ᠳᠠᠯ᠎ᠠ ᠨᠤᠲᠤᠭ ᠤᠨ ᠦᠬᠡᠷ ᠬᠤᠨᠢ᠂ ᠪᠡᠯᠴᠢᠬᠡᠷ ᠨᠤᠳᠤᠭ ᠢ ᠦᠵᠡᠵᠦ᠂ ᠪᠠᠶᠢᠭᠠᠯᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠴᠢᠬᠤᠯᠠ ᠴᠢᠨᠠᠷ ᠢ ᠦᠨᠡᠨ ᠬᠦ ᠤᠶᠢᠯᠠᠭᠠᠭᠰᠠᠨ ᠪᠠᠶᠢᠨ᠎ᠠ᠃ ᠳᠡᠳᠡ ᠪᠠᠰᠠ ᠪᠤᠭᠳᠠ ᠠᠭᠤᠯᠠᠨ ᠳᠤ | ᠶᠠᠪᠠᠭᠠᠨ ᠠᠶᠠᠯᠠᠬᠤ᠂ ᠠᠯᠲᠠᠨ ᠤᠯᠤᠰ ᠤᠨ ᠪᠤᠷᠤ ᠬᠡᠷᠡᠮ ᠢ ᠦᠵᠡᠬᠦ᠂ ᠦᠨᠳᠦᠰᠦᠲᠡᠨ ᠤ ᠰᠣᠶᠣᠯ ᠢ ᠪᠡᠶᠡᠴᠢᠯᠡᠨ | ᠣᠶᠢᠯᠠᠭᠠᠬᠤ ᠵᠡᠷᠭᠡ ᠠᠵᠢᠯᠯᠠᠭ᠎ᠠ ᠪᠠᠷ ᠳᠠᠮᠵᠢᠨ ᠡᠯᠪᠡᠭ ᠪᠠᠶᠠᠯᠢᠭ ᠰᠣᠶᠣᠯ ᠤᠨ ᠠᠭᠤᠷ ᠠᠮᠢᠰᠬᠤᠯ ᠳᠤ ᠪᠠᠶᠠᠰᠤᠯᠳᠤᠨ | ᠮᠡᠳᠡᠯᠭᠡ ᠬᠦᠷᠳᠡᠵᠦ᠂ ᠦᠨᠳᠦᠰᠦᠲᠡᠨ ᠤ ᠰᠣᠶᠣᠯ ᠤᠨ ᠲᠤᠬᠠᠢ ᠲᠠᠨᠢᠯᠲᠠ ᠨᠢ ᠤᠯᠠᠮ ᠬᠦᠨᠵᠡᠭᠡᠶᠢᠷᠡᠵᠠᠢ᠃ | ︽ᠪᠢᠳᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠢᠶᠠᠷ ᠳᠠᠮᠵᠢᠨ ᠵᠠᠯᠠᠶᠢᠳ | ᠬᠤᠰᠢᠭᠤ ᠶᠢ ᠣᠶᠢᠯᠠᠭᠠᠵᠤ᠂ ᠵᠠᠯᠠᠶᠢᠳ ᠬᠤᠰᠢᠭᠤᠨ ᠪᠤᠯ ᠪᠠᠶᠢᠭᠠᠯᠢ ᠶᠢᠨ ᠰᠤᠷᠭᠠᠨ ᠬᠥᠮᠦᠵᠢᠯ ᠥᠷᠨᠢᠭᠦᠯᠬᠦ ᠣᠨᠴᠠ | ᠰᠠᠶᠢᠨ ᠭᠠᠵᠠᠷ ᠪᠣᠯᠬᠤ ᠶᠢ ᠮᠠᠲᠠᠵᠠᠢ᠃ ᠪᠢᠳᠡ ᠡᠨᠡ ᠬᠦ ᠬᠥᠳᠡᠯᠮᠦᠷᠢ ᠶᠢᠨ ᠰᠤᠷᠭᠠᠨ ᠬᠥᠮᠦᠵᠢᠯ ᠪᠣᠯᠣᠨ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠢᠶᠠᠷ ᠲᠠᠮᠵᠢᠨ ᠰᠤᠷᠤᠭᠴᠢᠳ ᠲᠤ ᠡᠬᠡ ᠤᠯᠤᠰ ᠤᠨ ᠢᠶᠠᠨ ᠡᠳ᠋ ᠭᠠᠷᠤᠯᠲᠠ | ᠡᠯᠪᠡᠭ᠂ ᠭᠠᠵᠠᠷ ᠰᠢᠨᠵᠢᠯᠡᠭᠡᠨ ᠤ ᠲᠦᠷᠰᠦ ᠤᠯᠠᠨ᠂ ᠪᠠᠶᠢᠭᠠᠯᠢ ᠶᠢᠨ ᠡᠬᠢ ᠪᠠᠶᠠᠯᠢᠭ ᠡᠯᠪᠡᠭ ᠪᠠᠶᠠᠯᠢᠭ᠂ | ᠦᠨᠳᠦᠰᠦᠲᠡᠨ ᠤ ᠪᠦᠯᠬᠦᠮᠳᠡᠯ ᠨᠢᠭᠳᠠ ᠪᠠᠶᠢᠬᠤ ᠶᠢ ᠮᠡᠳᠡᠷᠡᠭᠦᠯᠬᠦ ᠶᠢ ᠵᠤᠷᠢᠭᠰᠠᠨ ᠶᠤᠮ︾ ᠭᠡᠵᠦ ᠰᠤᠳᠤᠯᠤᠨ | ᠰᠤᠷᠤᠯᠴᠠᠬᠤ ᠠᠵᠢᠯᠯᠠᠭ᠎ᠠ ᠶᠢᠨ ᠤᠬᠠᠭᠠᠯᠠᠭᠴᠢ ᠪᠡᠭᠡᠵᠢᠩ ᠬᠤᠲᠠ ᠶᠢᠨ ᠰᠧ ᠮᠠ ᠲᠧ ᠰᠤᠷᠭᠠᠨ ᠬᠥᠮᠦᠵᠢᠯ ᠤᠨ | ᠪᠦᠯᠦᠭᠯᠡᠯ ᠤᠨ ᠬᠠᠷᠢᠭᠤᠴᠠᠯᠭᠠᠳᠠᠨ ᠬᠡᠯᠡᠵᠤ ᠪᠠᠶᠢᠯ᠎ᠠ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠵᠠᠯᠠᠶᠢᠳ | ᠬᠤᠰᠢᠭᠤ ᠨᠢᠭᠡᠨᠲᠡ ᠪᠡᠭᠡᠵᠢᠩ ᠬᠤᠲᠠ ᠶᠢᠨ ᠹᠧᠩ ᠲᠠᠢ ᠲᠣᠭᠤᠷᠢᠭ ᠯᠤᠭ᠎ᠠ ᠣᠯᠠᠨ ᠳᠠᠯ᠎ᠠ ᠶᠢᠨ ᠠᠵᠤ ᠦᠢᠯᠡᠰ ᠤᠨ | ᠰᠣᠯᠢᠯᠴᠠᠭ᠎ᠠ ᠶᠠᠪᠤᠯᠴᠠᠭ᠎ᠠ ᠦᠷᠨᠢᠬᠦᠯᠵᠡᠢ᠃ ᠲᠤᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠪᠣᠯ ᠶᠠᠭ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠰᠣᠶᠣᠯ ᠵᠢᠭᠤᠯᠴᠢᠯᠠᠯ ᠤᠨ ᠴᠢᠭᠯᠡᠯ ᠲᠡᠶᠢᠰᠢ ᠥᠷᠭᠡᠵᠢᠭᠰᠡᠨ | ᠨᠢᠭᠡ ᠤᠳᠠᠭ᠎ᠠ ᠶᠢᠨ ᠴᠢᠬᠤᠯᠠ ᠠᠵᠢᠯᠯᠠᠭ᠎ᠠ ᠪᠣᠯᠣᠨ᠎ᠠ᠃ | ᠭᠥᠭᠵᠢᠯᠲᠦ ᠮᠡᠳᠡᠭᠡᠯᠡᠪᠡ |