︽ᠪᠡᠭᠡᠵᠢᠩ ᠦᠪᠦᠷ ᠮᠣᠩᠭᠤᠯ ᠤᠨ ᠬᠠᠮᠵᠢᠯᠴᠠᠭᠠᠨ ᠤ ᠪᠢᠴᠢᠬᠠᠨ ᠡᠯᠴᠢ︾ ᠵᠠᠯᠠᠶᠢᠳ ᠲᠤ ᠰᠤᠳᠤᠯᠤᠨ ᠰᠤᠷᠤᠯᠴᠠᠪᠠ
ᠨᠡᠶᠢᠲᠡᠯᠡᠭᠰᠡᠨ ᠴᠠᠭ᠄
2024/6/12
    ᠪᠡᠭᠡᠵᠢᠩ ᠬᠤᠳᠠ ᠶᠢᠨ  32 ᠬᠡᠥᠬᠡᠳ ︽ᠲᠦᠷᠦᠬᠦᠦ ᠪᠦᠯᠦᠭ ᠤᠨ ︿ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠢᠴᠢᠬᠠᠨ ᠡᠯᠴᠢ﹀︾ ᠪᠣᠯᠵᠤ᠂ 6 ᠰᠠᠷ᠎ᠠ ᠶᠢᠨ 1 — 5 ᠤ ᠡᠳᠦᠷ ᠪᠤᠯᠳᠠᠯ᠎ᠠ  ᠵᠠᠯᠠᠶᠢᠳ ᠬᠤᠰᠢᠭᠤᠨ ᠳᠤ ︽ᠲᠠᠷᠢᠶᠠᠯᠠᠩ ᠤᠨ ᠪᠠᠶᠠᠰᠤᠯ ᠢ ᠪᠡᠶᠡᠴᠢᠯᠡᠨ ᠤᠶᠢᠯᠠᠭᠠᠵᠦ᠂ ᠪᠠᠶᠢᠭᠠᠯᠢ ᠶᠢᠨ ᠰᠠᠶᠢᠬᠠᠨ ᠢ ᠮᠡᠳᠡᠷᠡᠬᠦ︾ ᠬᠦᠳᠡᠯᠮᠦᠷᠢ ᠶᠢᠨ ᠰᠤᠷᠭᠠᠨ ᠬᠦᠮᠦᠵᠢᠯ ᠦᠵᠡᠯ ᠰᠠᠨᠠᠭᠠᠨ ᠤ ᠬᠢᠴᠢᠶᠡᠯᠯᠡᠭᠡ ᠳᠤ ᠤᠷᠤᠯᠴᠠᠨ᠂ ᠲᠡᠯᠡᠬᠡᠢ ᠶᠢᠨ ᠬᠡᠥᠬᠡᠳ ᠤᠨ ᠪᠠᠶᠠᠷ ᠢᠶᠠᠨ ᠤᠳᠬ᠎ᠠ ᠠᠭᠤᠯᠭ᠎ᠠ ᠲᠠᠢ ᠦᠩᠭᠡᠷᠡᠬᠦᠯᠵᠡᠢ᠃     ᠠᠩᠬ᠎ᠠ ᠤᠳᠠᠭ᠎ᠠ ᠦᠪᠦᠷ ᠮᠤᠩᠭᠤᠯ ᠳᠤ ᠢᠷᠡᠵᠦ ᠪᠠᠶᠢᠭ᠎ᠠ ᠰᠤᠷᠤᠭᠴᠢᠳ ᠪᠠᠶᠠᠷᠯᠠᠯᠳᠤᠨ ᠬᠦᠭᠰᠡᠵᠦ᠂ ᠭᠠᠷ ᠤᠳᠠᠰᠤ ᠪᠠᠨ ᠭᠠᠷᠭᠠᠨ ᠰᠢᠩᠭᠡᠭᠡᠯᠳᠡ ᠬᠢᠵᠦ ᠪᠠᠶᠢᠯ᠎ᠠ᠃ ︽ᠤᠤᠯ ᠨᠢ ᠦᠪᠦᠷ ᠮᠤᠩᠭᠤᠯ ᠬᠡᠭᠴᠢ ᠬᠦᠪᠡᠭᠡ ᠬᠢᠵᠠᠭᠠᠷ ᠦᠬᠡᠢ ᠠᠭᠤᠳᠠᠮ ᠳᠠᠯ᠎ᠠ ᠭᠡᠵᠦ ᠪᠤᠳᠤᠳᠠᠭ ᠪᠠᠶᠢᠭᠰᠠᠨ᠂ ᠡ᠊ᠨᠳᠡ ᠲᠠᠷᠢᠶ᠎ᠠ ᠲᠦᠮᠦᠰᠦ ᠪᠠᠰᠠ ᠶᠡᠭᠡ ᠤᠯᠠᠨ ᠪᠠᠶᠢᠨ᠎ᠠ᠃ ᠠᠭᠤᠷ ᠠᠮᠢᠰᠬᠤᠯ ᠮᠠᠰᠢ ᠰᠡᠷᠢᠬᠦᠨ ᠳᠠᠭᠠᠯᠠᠮᠵᠢᠳᠠᠢ᠂ ᠬᠠᠮᠢᠭᠠᠰᠢ ᠬᠠᠷᠠᠭᠰᠠᠨ ᠴᠦ ᠬᠠᠷᠠᠭ᠎ᠠ ᠴᠢᠯᠡᠬᠡᠮ᠎ᠠ ᠨᠤᠭᠤᠭᠠᠨ ᠮᠦᠷᠳᠡᠭᠡᠨ ᠨᠠᠮ ᠵᠢᠮ᠂ ᠶᠡᠭᠡ ᠰᠠᠶᠢᠬᠠᠨ ᠪᠠᠶᠢᠨ᠎ᠠ︾ ᠬᠡᠵᠦ ᠪᠡᠭᠡᠵᠢᠩ ᠤᠨ ᠰᠤᠷᠤᠭᠴᠢ ᠯᠢ ᠮᠦᠸᠧ ᠬᠠᠨ ᠬᠡᠯᠡᠨ᠎ᠠ᠃ ᠰᠤᠳᠤᠯᠤᠨ ᠰᠤᠷᠤᠯᠴᠠᠬᠤ ᠠᠵᠢᠯᠯᠠᠭ᠎ᠠ ᠨᠢ ᠰᠤᠷᠤᠭᠴᠢᠳ ᠲᠤ ᠬᠠᠶᠢᠨ ᠰᠢᠨᠵᠢᠯᠡᠯᠲᠡ ᠪᠠ ᠪᠡᠶᠡᠴᠢᠯᠡᠨ ᠣᠶᠢᠯᠠᠭᠠᠬᠤ ᠴᠢᠨᠠᠷᠲᠠᠢ ᠰᠤᠷᠤᠯᠴᠠᠯᠭ᠎ᠠ ᠶᠢᠨ ᠨᠦᠬᠦᠴᠡᠯ ᠬᠠᠩᠭᠠᠵᠤ᠂ ᠲᠤᠬᠠᠢ ᠶᠢᠨ ᠭᠠᠵᠠᠷ ᠤᠨ ᠲᠡᠦᠬᠡ ᠰᠣᠶᠣᠯ᠂ ᠪᠠᠶᠢᠭᠠᠯᠢ ᠠᠬᠤᠢ ᠪᠠ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠭᠦᠨᠵᠡᠭᠡᠢ ᠣᠶᠢᠯᠠᠭᠠᠭᠤᠯᠵᠠᠢ᠃ ᠰᠤᠷᠤᠭᠴᠢᠳ ᠤᠰᠤᠨ ᠲᠤᠲᠤᠷᠭ᠎ᠠ ᠶᠢᠨ ᠲᠠᠷᠢᠶᠠᠨ ᠳᠤ ᠬᠦᠷᠴᠦ ᠲᠠᠷᠢᠶᠠᠯᠠᠭ᠎ᠠ ᠶᠢᠨ ᠶᠠᠪᠤᠴᠠ ᠪᠤᠯᠤᠨ ᠲᠠᠷᠢᠶᠠᠯᠠᠬᠤ ᠰᠣᠶᠣᠯ ᠢ ᠭᠦᠨᠵᠡᠭᠡᠢ ᠣᠶᠢᠯᠠᠭᠠᠵᠦ᠂ ᠠᠮᠤ ᠪᠤᠳᠠᠭ᠎ᠠ ᠶᠢ ᠠᠷᠪᠢᠯᠠᠬᠤ ᠶᠢᠨ ᠴᠢᠬᠤᠯᠠ ᠴᠢᠨᠠᠷ ᠢ ᠭᠦᠨᠵᠡᠭᠡᠢ ᠮᠡᠳᠡᠷᠡᠭᠰᠡᠨ ᠮᠦᠷᠳᠡᠭᠡᠨ ᠳᠠᠯ᠎ᠠ ᠨᠤᠲᠤᠭ ᠤᠨ ᠦᠬᠡᠷ ᠬᠤᠨᠢ᠂ ᠪᠡᠯᠴᠢᠬᠡᠷ ᠨᠤᠳᠤᠭ ᠢ ᠦᠵᠡᠵᠦ᠂ ᠪᠠᠶᠢᠭᠠᠯᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠦᠨᠡᠨ ᠬᠦ ᠤᠶᠢᠯᠠᠭᠠᠭᠰᠠᠨ ᠪᠠᠶᠢᠨ᠎ᠠ᠃ ᠳᠡᠳᠡ ᠪᠠᠰᠠ ᠪᠤᠭᠳᠠ ᠠᠭᠤᠯᠠᠨ ᠳᠤ ᠶᠠᠪᠠᠭᠠᠨ ᠠᠶᠠᠯᠠᠬᠤ᠂ ᠠᠯᠲᠠᠨ ᠤᠯᠤᠰ ᠤᠨ ᠪᠤᠷᠤ ᠬᠡᠷᠡᠮ ᠢ ᠦᠵᠡᠬᠦ᠂ ᠦᠨᠳᠦᠰᠦᠲᠡᠨ ᠤ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ ᠠᠵᠢᠯᠯᠠᠭ᠎ᠠ ᠪᠠᠷ ᠳᠠᠮᠵᠢᠨ ᠡᠯᠪᠡᠭ ᠪᠠᠶᠠᠯᠢᠭ ᠰᠣᠶᠣᠯ ᠤᠨ ᠠᠭᠤᠷ ᠠᠮᠢᠰᠬᠤᠯ ᠳᠤ ᠪᠠᠶᠠᠰᠤᠯᠳᠤᠨ ᠮᠡᠳᠡᠯᠭᠡ ᠬᠦᠷᠳᠡᠵᠦ᠂ ᠦᠨᠳᠦᠰᠦᠲᠡᠨ ᠤ ᠰᠣᠶᠣᠯ ᠤᠨ ᠲᠤᠬᠠᠢ ᠲᠠᠨᠢᠯᠲᠠ ᠨᠢ ᠤᠯᠠᠮ ᠬᠦᠨᠵᠡᠭᠡᠶᠢᠷᠡᠵᠠᠢ᠃      ︽ᠪᠢᠳᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠢᠶᠠᠷ ᠳᠠᠮᠵᠢᠨ ᠵᠠᠯᠠᠶᠢᠳ ᠬᠤᠰᠢᠭᠤ ᠶᠢ ᠣᠶᠢᠯᠠᠭᠠᠵᠤ᠂ ᠵᠠᠯᠠᠶᠢᠳ ᠬᠤᠰᠢᠭᠤᠨ ᠪᠤᠯ ᠪᠠᠶᠢᠭᠠᠯᠢ ᠶᠢᠨ ᠰᠤᠷᠭᠠᠨ ᠬᠥᠮᠦᠵᠢᠯ ᠥᠷᠨᠢᠭᠦᠯᠬᠦ ᠣᠨᠴᠠ ᠰᠠᠶᠢᠨ ᠭᠠᠵᠠᠷ ᠪᠣᠯᠬᠤ ᠶᠢ ᠮᠠᠲᠠᠵᠠᠢ᠃ ᠪᠢᠳᠡ ᠡᠨᠡ ᠬᠦ ᠬᠥᠳᠡᠯᠮᠦᠷᠢ ᠶᠢᠨ ᠰᠤᠷᠭᠠᠨ ᠬᠥᠮᠦᠵᠢᠯ ᠪᠣᠯᠣᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢᠶᠠᠷ ᠲᠠᠮᠵᠢᠨ ᠰᠤᠷᠤᠭᠴᠢᠳ ᠲᠤ ᠡᠬᠡ ᠤᠯᠤᠰ ᠤᠨ ᠢᠶᠠᠨ ᠡᠳ᠋ ᠭᠠᠷᠤᠯᠲᠠ ᠡᠯᠪᠡᠭ᠂ ᠭᠠᠵᠠᠷ ᠰᠢᠨᠵᠢᠯᠡᠭᠡᠨ ᠤ ᠲᠦᠷᠰᠦ ᠤᠯᠠᠨ᠂ ᠪᠠᠶᠢᠭᠠᠯᠢ ᠶᠢᠨ ᠡᠬᠢ ᠪᠠᠶᠠᠯᠢᠭ ᠡᠯᠪᠡᠭ ᠪᠠᠶᠠᠯᠢᠭ᠂ ᠦᠨᠳᠦᠰᠦᠲᠡᠨ ᠤ ᠪᠦᠯᠬᠦᠮᠳᠡᠯ ᠨᠢᠭᠳᠠ ᠪᠠᠶᠢᠬᠤ ᠶᠢ ᠮᠡᠳᠡᠷᠡᠭᠦᠯᠬᠦ ᠶᠢ ᠵᠤᠷᠢᠭᠰᠠᠨ ᠶᠤᠮ︾ ᠭᠡᠵᠦ ᠰᠤᠳᠤᠯᠤᠨ ᠰᠤᠷᠤᠯᠴᠠᠬᠤ ᠠᠵᠢᠯᠯᠠᠭ᠎ᠠ ᠶᠢᠨ ᠤᠬᠠᠭᠠᠯᠠᠭᠴᠢ ᠪᠡᠭᠡᠵᠢᠩ ᠬᠤᠲᠠ ᠶᠢᠨ ᠰᠧ ᠮᠠ ᠲᠧ ᠰᠤᠷᠭᠠᠨ ᠬᠥᠮᠦᠵᠢᠯ ᠤᠨ ᠪᠦᠯᠦᠭᠯᠡᠯ ᠤᠨ ᠬᠠᠷᠢᠭᠤᠴᠠᠯᠭᠠᠳᠠᠨ ᠬᠡᠯᠡᠵᠤ ᠪᠠᠶᠢᠯ᠎ᠠ᠃      ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠵᠠᠯᠠᠶᠢᠳ ᠬᠤᠰᠢᠭᠤ ᠨᠢᠭᠡᠨᠲᠡ ᠪᠡᠭᠡᠵᠢᠩ ᠬᠤᠲᠠ ᠶᠢᠨ ᠹᠧᠩ ᠲᠠᠢ ᠲᠣᠭᠤᠷᠢᠭ ᠯᠤᠭ᠎ᠠ ᠣᠯᠠᠨ ᠳᠠᠯ᠎ᠠ ᠶᠢᠨ ᠠᠵᠤ ᠦᠢᠯᠡᠰ ᠤᠨ ᠰᠣᠯᠢᠯᠴᠠᠭ᠎ᠠ ᠶᠠᠪᠤᠯᠴᠠᠭ᠎ᠠ ᠦᠷᠨᠢᠬᠦᠯᠵᠡᠢ᠃ ᠲᠤᠰ ᠤᠳᠠᠭᠠᠨ   ᠤ ᠰᠤᠳᠤᠯᠤᠨ ᠰᠤᠷᠤᠯᠴᠠᠬᠤ ᠠᠵᠢᠯᠯᠠᠭ᠎ᠠ ᠪᠣᠯ ᠶᠠᠭ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ   ᠶᠢᠨ ᠰᠣᠶᠣᠯ ᠵᠢᠭᠤᠯᠴᠢᠯᠠᠯ ᠤᠨ ᠴᠢᠭᠯᠡᠯ ᠲᠡᠶᠢᠰᠢ ᠥᠷᠭᠡᠵᠢᠭᠰᠡᠨ ᠨᠢᠭᠡ ᠤᠳᠠᠭ᠎ᠠ ᠶᠢᠨ ᠴᠢᠬᠤᠯᠠ ᠠᠵᠢᠯᠯᠠᠭ᠎ᠠ ᠪᠣᠯᠣᠨ᠎ᠠ᠃                                          ᠭᠥᠭᠵᠢᠯᠲᠦ  ᠮᠡᠳᠡᠭᠡᠯᠡᠪᠡ
 
ᠢᠷᠡᠯᠲᠡ᠄ ᠦᠪᠣᠷ ᠮᠣᠩᠭᠤᠯ ᠤᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号