ᠵᠠᠯᠠᠶᠢᠳ ᠬᠤᠰᠢᠭᠤ ᠪᠦᠯᠬᠦᠮᠳᠡᠨ ᠲᠡᠮᠡᠴᠡᠬᠦ ᠦᠵᠡᠰᠬᠦᠯᠡᠩᠳᠦ ᠰᠠᠶᠢᠬᠠᠨ ᠦᠵᠡᠮᠵᠢ ᠶᠢᠨ ᠵᠢᠷᠤᠭ ᠢ ᠬᠠᠮᠲᠤ‌‍ᠪᠠᠷ ᠵᠢᠷᠤᠭᠯᠠᠨ᠎ᠠ
ᠨᠡᠶᠢᠲᠡᠯᠡᠭᠰᠡᠨ ᠴᠠᠭ᠄
2024/6/12
      ︽ᠥᠨᠥᠳᠦᠷ ᠪᠢ ᠮᠠᠨ ᠤ ᠠᠭᠤᠳᠠᠮ ᠲᠠᠯᠠᠪᠠᠢ ᠶᠢᠨ ᠪᠥᠵᠢᠭ ᠤᠨ ᠠᠩᠬᠢ ᠳᠠᠭᠠᠨ ︿ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ﹀ ᠶᠢᠨ ᠦᠯᠢᠬᠡᠷ ᠢ ᠶᠠᠷᠢᠵᠤ ᠥᠭᠭᠦᠶ᠎ᠠ᠃ 1964 ᠣᠨ ᠤ 2 ᠰᠠᠷ᠎ᠠ ᠳᠤ᠂ ᠯᠥᠩ ᠮᠧᠶ᠂ ᠢᠦᠶ ᠷᠦᠩ ᠡᠭᠡᠴᠢ ᠥᠬᠢᠨ ᠳᠡᠭᠦᠦ ᠬᠤᠶᠠᠷ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ᠂ ᠰᠠᠨᠠᠭᠠᠴᠢᠯᠠᠭ᠎ᠠ ᠠᠴᠠ ᠪᠠᠨ ᠦᠢᠯᠡᠳᠪᠦᠷᠢᠯᠡᠯ ᠤᠨ ᠪᠠᠷᠢᠭᠠᠳᠠ ᠶᠢᠨ 300 ᠭᠠᠷᠤᠶ ᠬᠤᠨᠢ ᠶᠢ ᠬᠠᠷᠢᠭᠤᠯᠤᠯ᠎ᠠ ᠁︾ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠪᠤᠯᠭᠠᠨᠬᠤᠸᠠ ᠭᠠᠴᠠᠭᠠᠨ ᠤ ᠰᠣᠶᠣᠯ ᠤᠨ ᠠᠵᠢᠯᠯᠠᠭᠠᠨ ᠤ ᠲᠠᠰᠤᠭ ᠲᠤ᠂ ᠦᠨᠳᠦᠰᠦᠲᠡᠨ ᠨᠦᠭᠦᠳ ᠤᠨ ᠬᠡᠳᠦᠨ ᠠᠷᠪᠠᠨ ᠣᠯᠠᠨ ᠲᠦᠮᠡᠨ ᠬᠦᠷᠢᠶᠡᠯᠡᠨ ᠰᠠᠭᠤᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠢᠮᠡᠳᠡᠢ ᠰᠣᠨᠣᠰᠴᠤ᠂ ᠠᠯᠠᠭ᠎ᠠ ᠲᠡᠰᠢᠯᠲᠡ ᠶᠢᠨ ᠲᠠᠭᠤᠨ ᠪᠠᠶᠢᠨ ᠲᠠᠬᠢᠨ ᠨᠢᠵᠢᠬᠢᠨᠡᠨ᠎ᠡ᠃      ᠵᠠᠯᠠᠶᠢᠳ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠲᠤᠯᠤᠭᠠᠨ ᠲᠠᠯ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠢᠵᠢᠯ ᠲᠥᠪᠲᠦ ᠠᠭᠤᠳᠠᠮ ᠲᠠᠯᠠᠪᠠᠶ︾᠂ ︽ᠢᠵᠢᠯ ᠲᠥᠪᠲᠦ ᠴᠡᠴᠡᠷᠯᠢᠭ︾ ᠵᠡᠷᠭᠡ ᠠᠴᠢᠶᠠᠯᠠᠪᠤᠷᠢ ᠶᠢᠨ ᠪᠠᠶᠢᠭᠤᠯᠤᠯᠲᠠ ᠶᠢ ᠪᠣᠳᠠᠲᠠᠶᠢᠵᠢᠭᠤᠯᠵᠤ᠂ ︽ᠠᠨᠠᠷ ᠤᠨ ᠦᠷ᠎ᠡ ᠶᠢ ᠪᠤᠶᠢᠵᠢᠭᠤᠯᠬᠤ ᠢᠨᠵᠧᠨᠧᠷᠢᠩ︾ ᠢ ᠬᠡᠷᠡᠭᠵᠢᠭᠦᠯᠵᠦ᠂ ︽ᠨᠢᠭᠡ ᠪᠠᠯᠭᠠᠰᠤ ᠨᠢᠭᠡ ᠦᠢᠯᠡᠳᠬᠦᠨ ᠲᠠᠢ ᠪᠠᠶᠢᠬᠤ︾᠂ ︽ᠨᠢᠭᠡ ᠭᠡᠰᠢᠭᠦᠨ ᠨᠢᠭᠡᠴᠢ ᠨᠢᠭᠡ ᠣᠨᠴᠠᠯᠢᠭ ᠲᠠᠢ ᠪᠠᠶᠢᠬᠤ︾ ᠵᠡᠷᠭᠡ ᠨᠠᠷᠠᠲᠤ ᠲᠥᠷᠥᠯ ᠲᠡᠮᠳᠡᠭᠲᠦ ᠶᠢ ᠱᠤᠭᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠲᠠᠰ ᠳᠠᠪᠬᠤᠷᠭ᠎ᠠ ᠲᠡᠶᠢᠰᠢ ᠥᠷᠭᠡᠳᠭᠡᠬᠦ ᠶᠢ ᠠᠬᠢᠭᠤᠯᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ᠂ ᠠᠵᠢᠯ ᠣᠯᠭᠤᠯᠲᠠ ᠶᠢᠨ ᠪᠣᠯᠪᠠᠰᠤᠷᠠᠯ ᠵᠡᠷᠭᠡ ᠠᠵᠢᠯᠯᠠᠭ᠎ᠠ ᠶᠢ 1200 ᠤᠳᠠᠭ᠎ᠠ ᠵᠣᠬᠢᠶᠠᠨ ᠪᠠᠶᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ︽ᠡᠷᠦᠬᠡ ᠬᠤᠯᠪᠣᠭᠠᠯᠠᠨ ᠰᠡᠳᠭᠢᠯ ᠢᠶᠠᠨ ᠨᠢᠭᠡᠳᠭᠡᠬᠦ︾ ᠠᠵᠢᠯᠯᠠᠭ᠎ᠠ ᠶᠢ ᠥᠷᠨᠢᠭᠦᠯᠵᠦ᠂ ᠡᠷᠦᠬᠡ ᠳᠤ ᠬᠦᠷᠴᠤ ᠲᠥᠷᠥ ᠶᠢᠨ ᠪᠣᠳᠣᠯᠭ᠎ᠠ ᠶᠢ 2.5 ᠲᠦᠮᠡᠨ ᠤᠳᠠᠭ᠎ᠠ ᠤᠬᠠᠭᠤᠯᠵᠤ᠂ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠶᠢ 3100 ᠵᠤᠷᠪᠤᠰ ᠴᠤᠭᠯᠠᠭᠤᠯᠤᠨ᠂ ᠪᠣᠳᠠᠲᠠᠶ ᠬᠦᠴᠢᠷᠳᠡᠯ ᠢ 2100 ᠬᠤᠪᠢ ᠰᠢᠢᠳᠪᠦᠷᠢᠯᠡᠪᠡ᠃     ᠣᠳᠣᠬᠠᠨ ᠳᠤ᠂ ᠵᠠᠯᠠᠶᠢᠳ ᠬᠤᠰᠢᠭᠤᠨ ᠤ ᠠᠷᠪᠡᠨᠬᠡᠷ ᠪᠠᠯᠭᠠᠰᠤᠨ ᠤ ᠷᠦᠢ ᠴᠢᠦ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠠᠷ᠎ᠠ ᠳᠡᠯᠳᠡᠦ ᠲᠠᠷᠢᠬᠤ ᠰᠠᠭᠤᠷᠢᠨ ᠤ ᠲᠤᠯᠠᠭᠠᠨ ᠬᠦᠯᠡᠮᠵᠢ ᠳᠤ᠂ ᠬᠠᠷ᠎ᠠ ᠲᠡᠯᠳᠡᠦ ᠶᠢᠨ ᠪᠠᠭᠠᠨ᠎ᠠ ᠮᠦᠷ ᠮᠦᠷ ᠢᠶᠠᠷ ᠵᠢᠭᠳᠡ ᠵᠢᠭᠰᠠᠵᠤ᠂ ᠠᠵᠢᠯᠴᠢᠳ ᠬᠠᠷ᠎ᠠ ᠲᠡᠯᠳᠡᠦ ᠲᠡᠬᠦᠵᠦ ᠶᠠᠭᠠᠷᠠᠯᠳᠤᠨ᠎ᠠ ᠁     ︽ᠡᠨᠡ ᠵᠢᠯ ᠪᠣᠯ ᠮᠠᠨ ᠤ ᠬᠠᠷ᠎ᠠ ᠲᠡᠯᠳᠡᠦ ᠳᠠᠷᠢᠬᠰᠠᠨ ᠲᠠᠪᠤᠳᠤᠭᠠᠷ ᠵᠢᠯ ᠪᠣᠯᠤᠨ᠎ᠠ᠂ ᠲᠣᠰᠬᠤᠨ ᠤ ᠬᠤᠷᠰᠢᠶ᠎ᠠ ᠬᠠᠷ᠎ᠠ ᠲᠡᠯᠳᠡᠦ ᠶᠢᠨ ᠪᠠᠭᠠᠨ᠎ᠠ ᠪᠠ ᠮᠡᠷᠭᠡᠵᠢᠯ ᠬᠠᠩᠭᠠᠬᠤ ᠶᠢᠨ ᠬᠠᠮᠲᠤ ᠵᠠᠬᠢᠶᠠᠯᠠᠭ᠎ᠠ ᠶᠢ ᠬᠤᠷᠢᠶᠠᠨ ᠠᠪᠳᠠᠭ ᠠᠴᠠ ᠵᠢᠯ ᠪᠦᠷᠢ ᠶᠢᠨ ᠠᠰᠢᠭ ᠣᠷᠣᠯᠭ᠎ᠠ ᠵᠦᠭᠡᠷ ᠪᠠᠶᠢᠨ᠎ᠠ᠃ ᠨᠢᠳᠤᠨᠤᠨ ᠮᠠᠨ ᠤ ᠬᠢᠨ 2 ᠲᠦᠮᠡᠨ ᠪᠠᠭᠠᠨ᠎ᠠ ᠬᠠᠷ᠎ᠡ ᠲᠡᠯᠳᠡᠦ ᠲᠠᠷᠢᠪᠠ᠂ ᠵᠢᠯ ᠤᠨ ᠴᠡᠪᠡᠷ ᠣᠷᠣᠯᠭ᠎ᠠ 5 ᠲᠦᠮᠡ ᠠᠴᠠ ᠳᠡᠭᠡᠭᠰᠢ ᠳᠤ ᠬᠦᠷᠴᠠᠢ︾ ᠭᠡᠵᠦ ᠲᠣᠰᠬᠤᠨ ᠤ ᠠᠷᠠᠳ ᠰᠢ ᠶᠢᠨ ᠯᠦᠩ ᠬᠡᠯᠡᠪᠡ᠃ ᠷᠦᠢ ᠴᠢᠦ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠮᠠ ᠾᠧ ᠫᠢᠩ ᠤᠨ ᠬᠠᠪᠰᠤᠷᠤᠯᠭ᠎ᠠ ᠳᠤᠤᠷ᠎ᠠ᠂ ᠰᠢ ᠶᠢᠨ ᠯᠦᠩ ᠬᠠᠷ᠎ᠠ ᠳᠠᠯᠳᠠᠤ ᠳᠠᠷᠢᠵᠤ᠂ ᠵᠢᠷᠭᠠᠯᠲᠤ ᠠᠮᠢᠳᠤᠷᠠᠯ ᠢᠶᠠᠨ ᠴᠤᠭᠴᠠᠯᠠᠨ᠎ᠠ᠃ ᠮᠠ ᠾᠧ ᠫᠢᠩ ᠪᠣᠯ ︽ᠨᠠᠶᠠᠭᠠᠳ ᠣᠨ︾ ᠳᠤ ᠲᠥᠷᠥᠭᠰᠡᠨ ᠮᠣᠩᠭᠤᠯ ᠵᠠᠯᠠᠭᠤ ᠶᠤᠮ᠂ ᠣᠯᠠᠨ ᠵᠢᠯ ᠤᠨ ᠲᠤᠷᠰᠢ᠂ ᠲᠡᠷᠡ 600 ᠭᠠᠷᠤᠶ ᠡᠷᠦᠬᠡ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠬᠠᠷ᠎ᠠ ᠳᠠᠯᠳᠠᠤ ᠳᠠᠷᠢᠵᠤ᠂ 1200 ᠭᠠᠷᠤᠶ ᠬᠥᠮᠦᠨ ᠳᠤ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠬᠦᠯᠵᠡᠢ᠃      ᠤᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤ ᠴᠢᠨᠠᠷ ᠰᠠᠶᠢᠲᠠᠶ ᠬᠥᠭᠵᠢᠯᠲᠡ ᠶᠢᠨ ᠤᠶᠢᠯᠠᠭᠠᠭᠳᠠᠬᠤᠨ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠠᠵᠤ ᠦᠢᠯᠡᠰ᠂ ᠲᠥᠷᠥᠯ ᠵᠦᠢᠯ᠂ ᠠᠷᠠᠳ ᠤᠨ ᠠᠮᠢᠳᠤᠷᠠᠯ᠂ ᠠᠮᠤᠷ ᠲᠦᠪᠰᠢᠨ ᠢ ᠠᠳᠬᠤᠵᠤ᠂ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢᠨ ᠪᠣᠳᠠᠰ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠢ ᠤᠯᠠᠮ ᠰᠠᠶᠢᠵᠢᠷᠠᠭᠤᠯᠵᠤ᠂ ᠤᠯᠠᠮ ᠭᠤᠶᠣ ᠰᠠᠶᠢᠬᠠᠨ ᠪᠣᠯᠭᠠᠵᠤ᠂ ᠤᠯᠠᠮ ᠴᠡᠴᠡᠭᠯᠡᠬᠦᠯᠦᠨ ᠬᠥᠭᠵᠢᠭᠦᠯᠵᠦ ᠪᠤᠢ᠃      ᠵᠠᠯᠠᠶᠢᠳ ᠬᠤᠰᠢᠭᠤᠨ ᠤ ᠴᠤᠤᠯ ᠶᠢᠨ ᠵᠤ᠋ ᠶᠢᠨ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠰᠠᠭᠤᠷᠢᠨ ᠳᠤ᠂ ᠲᠤᠳᠤᠷᠭᠠᠨ ᠴᠢᠬᠢ ᠶᠢᠨ ᠤᠷᠭᠤᠴᠠ ᠶᠢᠨ ᠪᠠᠶᠢᠳᠠᠯ ᠬᠥᠮᠦᠰ ᠤᠨ ᠰᠡᠳᠬᠢᠯ ᠢ ᠡᠷᠭᠡ ᠦᠭᠡᠢ ᠪᠠᠶᠠᠰᠬᠠᠨ᠎ᠠ᠃ ︽ᠴᠤᠤᠯ ᠭᠤᠣᠯ ᠤᠨ ᠬᠥᠪᠡᠭᠡᠨ ᠳᠠᠬᠢ ᠬᠠᠷ᠎ᠠ ᠬᠥᠷᠥᠰᠥᠨ ᠳᠤ᠂ ᠦᠨᠳᠦᠰᠦᠲᠡᠨ ᠨᠦᠭᠦᠳ ᠤᠨ ᠠᠬ᠎ᠠ ᠳᠡᠭᠦᠦ ᠨᠡᠷ ᠲᠠᠢ ᠬᠠᠮᠲᠤ ᠪᠠᠷ ᠤᠰᠤᠨ ᠲᠤᠲᠤᠷᠭ᠎ᠠ ᠲᠠᠷᠢᠵᠤ᠂ ᠲᠤᠲᠤᠷᠭ᠎ᠠ ᠶᠢᠨ ᠠᠩᠬᠢᠯᠤᠮ᠎ᠠ ᠦᠨᠦᠷ ᠲᠤ ᠰᠤᠭᠳᠤᠭᠤᠷᠠᠵᠤ᠂ ᠠᠮᠳᠠᠳᠤ ᠪᠤᠳᠠᠭ᠎ᠠ ᠵᠤᠭᠤᠭᠯᠠᠡᠵᠦ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠶᠤᠮᠰᠠᠨ ᠭᠡᠵᠦ ᠠᠯᠢ ᠡᠷᠲᠡ ᠠᠴᠠ ᠬᠦᠰᠡᠵᠦ ᠪᠤᠳᠤᠵᠤ ᠢᠷᠡᠭᠰᠡᠨ ᠶᠤᠮ︾ ᠭᠡᠵᠦ ᠫᠢᠶᠣᠣ ᠴᠧᠩ ᠺᠦᠶ ᠬᠡᠯᠡᠪᠠ᠃ ᠫᠢᠶᠣᠣ ᠴᠧᠩ ᠺᠦᠶ ᠪᠣᠯ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠰᠢᠶᠠᠨ ᠭᠤᠸᠠᠩ ᠲᠣᠰᠬᠤᠨ ᠤ ᠠᠵᠢᠯᠴᠢ ᠪᠣᠷᠣᠭᠵᠢᠭᠤᠨ ᠰᠣᠯᠣᠩᠭᠤᠰ ᠲᠠᠷᠢᠶᠠᠴᠢᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠪᠣᠯᠤᠨ᠎ᠠ᠃ ᠲᠡᠷᠡ ᠲᠤᠬᠠᠢ ᠶᠢᠨ ᠭᠠᠵᠠᠷ ᠤᠨ ᠦᠨᠳᠦᠰᠦᠲᠡᠨ ᠨᠦᠭᠦᠳ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠤᠰᠤᠨ ᠲᠤᠲᠤᠷᠭ᠎ᠠ ᠲᠠᠷᠢᠭᠠᠳ 40 ᠭᠠᠷᠤᠢ ᠵᠢᠯ ᠪᠤᠯᠵᠤ᠂ ᠪᠣᠬᠢᠷᠲᠤᠯ ᠦᠭᠡᠢ ᠣᠷᠭᠠᠨᠢᠭ ᠤᠰᠤᠨ ᠲᠤᠲᠤᠷᠭ᠎ᠠ ᠲᠠᠷᠢᠬᠤ ᠠᠷᠭ᠎ᠠ ᠵᠠᠮ ᠢ ᠰᠦᠪᠡᠭᠴᠢᠯᠡᠨ ᠭᠠᠷᠭᠠᠵᠤ ᠦᠪᠡᠷᠮᠢᠴᠡ ᠲᠦᠷᠦᠯ ᠲᠡᠮᠳᠡᠭ ᠢ ᠡᠬᠦᠳᠦᠭᠰᠡᠨ ᠪᠠᠶᠢᠨ᠎ᠠ᠃     ᠣᠳᠣᠬᠠᠨ ᠳᠤ᠂ ᠲᠣᠰ ᠬᠤᠰᠢᠭᠤᠨ ᠳᠤ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ 3᠂ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠭᠳᠤ ᠲᠣᠰᠬᠤᠨ︾ 4 ᠪᠤᠢ᠃                           ᠪᠤᠦ ᠢᠦᠢ ᠶᠢᠩ  ᠮᠡᠳᠡᠭᠡᠯᠡᠪᠡ
 
ᠢᠷᠡᠯᠲᠡ᠄ ᠦᠪᠣᠷ ᠮᠣᠩᠭᠤᠯ ᠤᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号