ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/6/13
      ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠤᠶᠢᠷ᠎ᠠ ᠳᠤ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠢ ᠵᠠᠨ ᠭᠦᠸᠧ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾  ᠤᠨ ᠨᠠᠮ ᠤᠨ ︽ᠵᠢᠷᠭᠤᠭᠠᠨ ᠶᠡᠭᠡ ᠰᠠᠬᠢᠯᠭ᠎ᠠ ᠪᠠᠲᠤ︾ ᠪᠠᠷ ᠭᠤᠤᠯ ᠰᠡᠳᠦᠪ ᠪᠣᠯᠭᠠᠭᠰᠠᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠤ ᠪᠠᠶᠢᠭᠤᠯᠭ᠎ᠠ ᠪᠣᠯᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠪᠦᠬᠦ ᠨᠠᠮ ᠤᠨ ᠭᠡᠰᠢᠭᠦᠨ ᠺᠠᠳ᠋ᠷ 100 ᠭᠠᠷᠤᠢ ᠬᠥᠮᠦᠨ ᠨᠠᠮ ᠤᠨ ᠬᠢᠴᠢᠶᠡᠯ ᠢ ᠰᠤᠨᠤᠰᠴᠠᠢ᠃       ᠪᠢ ᠵᠠᠨ ᠭᠦᠸᠧ᠂ ᠰᠤᠷᠭᠠᠨ ᠬᠥᠮᠦᠵᠢᠯ ᠤᠨ ᠰᠢᠰᠲ᠋ᠧᠮ ᠤᠨ ᠪᠥᠬᠦ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠦᠴᠦᠲᠡᠶ ᠠᠷᠭ᠎ᠠ ᠬᠡᠮᠵᠢᠶ᠎ᠡ ᠪᠣᠯᠭᠠᠵᠤ᠂ ᠰᠤᠷᠭᠠᠨ ᠬᠥᠮᠦᠵᠢᠯ ᠤᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠭᠦᠨᠵᠡᠭᠡᠶᠢᠷᠡᠭᠦᠯᠬᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠦᠪ ᠴᠢᠩᠭ᠎ᠠ ᠰᠠᠬᠢᠯᠭ᠎ᠠ ᠪᠠᠲᠤ ᠪᠠᠷ ᠠᠵᠢᠯ ᠤᠨ ᠰᠤᠷᠲᠠᠯ ᠢ ᠬᠥᠪᠴᠢᠯᠡᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号