ᠵᠠᠯᠠᠶᠢᠳ ᠬᠤᠰᠢᠭᠤᠨ ᠤ ᠠᠯᠲᠠᠷᠲᠤ ᠰᠤᠮᠤ ᠠᠮᠤᠷ ᠲᠦᠪᠰᠢᠨ ᠤ ᠪᠠᠶᠢᠴᠠᠭᠠᠯᠲᠠ ᠬᠢᠵᠡᠢ
ᠨᠡᠶᠢᠲᠡᠯᠡᠭᠰᠡᠨ ᠴᠠᠭ᠄
2024/6/13
      ᠬᠠᠷᠢᠶ᠎ᠠ ᠣᠷᠣᠨ ᠤ ᠡᠯ᠎ᠡ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ ᠤᠶᠢᠷ᠎ᠠ ᠳᠤ᠂ ᠵᠠᠯᠠᠶᠢᠳ ᠬᠤᠰᠢᠭᠤᠨ ᠤ ᠠᠯᠳᠠᠷᠲᠤ ᠰᠤᠮᠤ ᠣᠯᠠᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠡᠵᠡᠩᠨᠡᠯᠲᠡ ᠶᠢᠨ ᠴᠢᠨᠠᠷᠲᠠᠶ ᠲᠠᠯᠠᠪᠤᠷ ᠲᠤ ᠭᠠᠯ ᠰᠡᠷᠭᠡᠶᠢᠯᠡᠵᠤ ᠤᠨᠲᠠᠷᠠᠭᠠᠬᠤ ᠳᠠᠯᠳᠠ ᠬᠡᠮ ᠢ ᠵᠢᠭᠰᠠᠭᠠᠨ  ᠪᠠᠶᠢᠴᠠᠭᠠᠭᠰᠠᠨ ᠪᠠ ᠢᠳᠡᠭᠡᠨ ᠤ ᠬᠡᠷᠡᠭᠯᠡᠭᠡᠨ ᠤ ᠠᠮᠤᠷ ᠲᠦᠪᠰᠢᠨ ᠤ ᠪᠠᠶᠢᠴᠠᠭᠠᠯᠲᠠ ᠬᠢᠵᠡᠢ᠃      ᠲᠣᠰ ᠤᠳᠠᠭᠠᠨ ᠤ ᠪᠠᠶᠢᠴᠠᠭᠠᠯᠲᠠ ᠨᠢ ᠬᠠᠷᠢᠶ᠎ᠠ ᠣᠷᠣᠨ ᠤ ᠢᠳᠡᠭᠡᠨ ᠤᠮᠳᠠᠭᠠᠨ ᠤ ᠳᠡᠯᠭᠡᠭᠦᠷ᠂  ᠴᠢᠯᠤᠭᠡᠳᠦ ᠳᠡᠯᠭᠡᠭᠦᠷ᠂ ᠲᠦᠷᠭᠡᠨ ᠬᠦᠷᠭᠡᠯᠲᠡ ᠶᠢᠨ ᠭᠠᠵᠠᠷ᠂ ᠬᠤᠸᠠᠷ ᠫᠤᠤᠵᠢᠩ ᠤᠨ ᠲᠤᠰᠬᠠᠶ ᠳᠡᠯᠭᠡᠭᠦᠷ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ᠂ ᠭᠠᠯ  ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ᠂ ᠢᠳᠡᠭᠡᠨ ᠪᠠ ᠡᠮ ᠤᠨ  ᠵᠦᠢᠯᠡᠰ ᠤᠨ ᠠᠮᠤᠷ ᠲᠦᠪᠰᠢᠨ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂  ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ  ᠴᠢᠭᠯᠡᠭᠦᠯᠦᠨ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠤ ᠱᠠᠭᠠᠷᠳᠠᠪᠠ᠃       ᠪᠠᠶᠢᠴᠠᠭᠠᠬᠤ ᠳᠤᠭᠤᠶᠢᠯᠠᠩ ᠤᠨ ᠬᠢᠨ ᠲᠣᠰ ᠤᠳᠠᠭᠠᠨ ᠤ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠣᠯᠠᠨ ᠵᠦᠢᠯ ᠤᠨ ᠤᠬᠠᠭᠤᠯᠭ᠎ᠠ ᠶᠢᠨ ᠬᠡᠯᠪᠡᠷᠢ ᠪᠠ ᠤᠬᠠᠭᠤᠯᠭ᠎ᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ᠂ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠵᠦ ᠂ ᠬᠠᠷᠢᠶ᠎ᠠ ᠤᠷᠤᠨ ᠤ ᠡᠯ᠎ᠡ ᠡᠵᠡᠩᠨᠡᠯᠲᠡ ᠶᠢᠨ ᠨᠢᠭᠡᠴᠢ ᠶᠢ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠬᠥᠮᠦᠨ ᠢᠶᠠᠷ ᠦᠨᠳᠦᠰᠦ ᠪᠣᠯᠭᠠᠬᠤ︾ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠦᠨᠡᠨ ᠬᠦ ᠪᠠᠲᠤ ᠪᠣᠶ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃              
 
ᠢᠷᠡᠯᠲᠡ᠄ ᠠᠯᠲᠠᠷᠲᠤ ᠰᠤᠮᠤ ᠶᠢᠨ ᠠᠷᠠᠳ ᠤᠨ ᠵᠠᠰᠠᠭ ᠤ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号