6 ᠰᠠᠷ᠎ᠡ ᠶᠢᠨ ᠰᠡᠬᠦᠯᠴᠢ ᠠᠴᠠ ᠡᠮᠤᠨ᠎ᠡ ᠴᠠᠭ ᠢ ᠠᠮᠵᠢᠨ ᠬᠦᠢᠴᠡᠳᠬᠡᠷᠡᠢ
ᠨᠡᠶᠢᠲᠡᠯᠡᠭᠰᠡᠨ ᠴᠠᠭ᠄
2024/6/13
      2023 ᠤᠨ ᠤ ᠬᠤᠪᠢ ᠬᠦᠮᠦᠨ ᠤ ᠠᠰᠢᠭ ᠤᠯᠵᠠᠪᠤᠷᠢ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠤᠷᠤᠯᠭ᠎ᠠ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠠᠵᠢᠯ ᠰᠢᠪᠳᠤᠷᠭᠠᠨ ᠳᠠᠭᠠᠨ ᠤᠷᠤᠭᠠᠳ ᠪᠠᠶᠢᠨ᠎ᠡ᠃ ᠤᠯᠤᠰ ᠤᠨ ᠭᠠᠶᠢᠯᠢ ᠶᠢᠨ ᠶᠠᠪᠤᠳᠡᠯ ᠤᠨ ᠶᠡᠷᠦᠩᠬᠡᠢ ᠲᠤᠪᠴᠢᠶ᠎ᠡ ᠶᠢᠨ ᠨᠡᠶᠢᠳᠡᠯᠡᠭᠰᠡᠨ ︽2023 ᠤᠨ ᠤ ᠬᠤᠪᠢ ᠬᠦᠮᠦᠨ ᠤ ᠠᠰᠢᠭ ᠤᠯᠵᠠᠪᠤᠷᠢ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠤᠷᠤᠯᠭ᠎ᠠ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠵᠦᠢᠯᠡᠰ ᠢ ᠬᠦᠢᠴᠡᠳᠬᠡᠬᠦ ᠲᠤᠬᠠᠢ ᠠᠯᠪᠠᠨ ᠵᠠᠷᠯᠠᠯ︾ ᠢ ᠦᠨᠳᠦᠰᠦᠯᠡᠪᠡᠯ᠂ 2023 ᠤᠨ ᠤ ᠬᠤᠪᠢ ᠬᠦᠮᠦᠨ ᠤ ᠠᠰᠢᠭ ᠤᠯᠵᠠᠪᠤᠷᠢ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠵᠤ ᠬᠦᠢᠴᠡᠳᠬᠡᠬᠦ ᠴᠠᠭ ᠨᠢ 2024 ᠤᠨ ᠤ 3 ᠰᠠᠷ᠎ᠡ ᠶᠢᠨ 1 ᠤ ᠡᠳᠤᠷ ᠠᠴᠠ 6 ᠰᠠᠷ᠎ᠡ ᠶᠢᠨ 30 ᠤ ᠡᠳᠤᠷ ᠪᠤᠯᠳᠠᠯᠡᠬᠢ ᠬᠤᠭᠤᠴᠠᠭ᠎ᠠ ᠪᠤᠯᠤᠨ᠎ᠡ᠃      ᠬᠡᠷᠪᠡ ᠭᠠᠶᠢᠯᠢ ᠲᠤᠰᠢᠶᠠᠭᠴᠢ 2023 ᠤᠨ ᠳᠤ ᠪᠤᠢ ᠪᠤᠯᠤᠭᠰᠠᠨ᠂ ᠨᠦᠬᠦᠴᠡᠯ ᠳᠤ ᠨᠡᠶᠢᠴᠡᠬᠦ 3 ᠨᠠᠰᠤᠨ ᠠᠴᠠ ᠲᠤᠷᠤᠭᠰᠢᠬᠢ ᠨᠢᠯᠬ᠎ᠠ ᠬᠡᠤᠬᠡᠳ ᠢ ᠰᠠᠭᠠᠳᠠᠭᠤᠯᠤᠨ ᠠᠰᠠᠷᠠᠬᠤ᠂ ᠦᠷ᠎ᠡ ᠬᠡᠤᠬᠡᠳ ᠢ ᠰᠤᠷᠭᠠᠨ ᠬᠦᠮᠦᠵᠢᠬᠦᠯᠬᠦ᠂ ᠦᠷᠬᠦᠯᠵᠢᠯᠡᠭᠰᠡᠨ ᠰᠤᠷᠭᠠᠨ ᠬᠦᠮᠦᠵᠢᠯ᠂ ᠬᠦᠨᠳᠤ ᠡᠪᠡᠳᠴᠢᠨ ᠤ ᠡᠮᠴᠢᠯᠡᠭᠡ᠂ ᠤᠷᠤᠨ ᠰᠠᠭᠤᠴᠡ ᠶᠢᠨ ᠵᠢᠬᠡᠯᠡᠯᠬᠡ ᠶᠢᠨ ᠬᠦᠦ ᠮᠦᠡᠭᠬᠦ ᠪᠤᠶᠤ ᠤᠷᠤᠨ ᠰᠠᠭᠤᠴᠡ ᠶᠢᠨ ᠲᠦᠷᠢᠶᠡᠰᠦᠨ ᠮᠦᠡᠭᠬᠦ᠂ ᠨᠠᠰᠤᠳᠡᠨ ᠢ ᠠᠰᠠᠷᠡᠨ ᠲᠡᠵᠢᠬᠡᠬᠦ ᠲᠤᠰᠬᠠᠢ ᠵᠦᠢᠯ ᠤᠨ ᠨᠡᠮᠡᠯᠳᠡ ᠰᠠᠭᠤᠳᠬᠠᠯ ᠪᠠᠶᠢᠪᠠᠯ ᠬᠤᠷᠢᠶᠠᠩᠭᠤᠶᠢᠯᠠᠨ ᠪᠤᠳᠤᠬᠤ ᠬᠤᠭᠤᠴᠠᠭᠠᠨ  ᠳᠤ ᠲᠠᠭᠯᠠᠨ ᠮᠡᠳᠡᠬᠦᠯᠬᠦ ᠪᠤᠶᠤ ᠨᠦᠬᠦᠪᠤᠷᠢᠯᠡᠨ ᠰᠠᠭᠤᠯᠭᠠᠵᠤ ᠪᠤᠯᠤᠨ᠎ᠡ᠃      ᠡᠨᠡ ᠵᠢᠯ ᠠᠴᠠ ᠨᠠᠭᠠᠰᠢ᠂ ᠭᠠᠶᠢᠯᠢ ᠶᠢᠨ ᠶᠠᠪᠤᠳᠡᠯ ᠤᠨ ᠰᠠᠯᠠᠭ᠎ᠠ ᠮᠦᠴᠢᠷ ᠠᠴᠠ ᠬᠤᠪᠢ ᠬᠦᠮᠦᠨ ᠤ ᠠᠰᠢᠬ ᠤᠯᠵᠠᠪᠤᠷᠢ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠤᠷᠤᠯᠭ᠎ᠠ ᠶᠢ ᠬᠠᠤᠯᠢ ᠶᠤᠰᠤᠭᠠᠷ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠭᠰᠠᠨ ᠦᠬᠡᠢ ᠤᠯᠠᠨ ᠬᠡᠷᠡᠭ ᠢ ᠨᠡᠶᠢᠳᠡᠯᠡᠨ ᠮᠡᠳᠡᠭᠳᠡᠪᠡ᠃ 2023 ᠤᠨ ᠤ ᠬᠤᠪᠢ ᠬᠦᠮᠦᠨ ᠤ ᠠᠰᠢᠭ ᠤᠯᠵᠠᠪᠤᠷᠢ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠤᠷᠤᠯᠭ᠎ᠠ ᠶᠢ ᠬᠤᠷᠢᠶᠠᠩᠭᠤᠶᠢᠯᠠᠨ ᠪᠤᠳᠤᠬᠤ ᠠᠵᠢᠯ 6 ᠰᠠᠷ᠎ᠡ ᠶᠢᠨ ᠰᠡᠬᠦᠯᠴᠢ ᠳᠤ ᠲᠠᠭᠤᠰᠤᠨ᠎ᠡ᠃ ᠡᠮᠤᠨᠡᠬᠢ ᠵᠢᠯ   ᠳᠤ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠶᠤᠰᠤᠳᠡᠢ ᠪᠠᠶᠢᠳᠠᠯ᠎ᠡ ᠬᠦᠢᠴᠡᠳᠬᠡᠭᠰᠡᠨ ᠦᠬᠡᠢ᠂ ᠭᠠᠶᠢᠯᠢ ᠲᠤᠰᠢᠶᠠᠬᠤ ᠪᠠᠷ ᠮᠡᠳᠡᠬᠦᠯᠦᠭᠰᠡᠨ ᠨᠢ ᠵᠢᠷᠦᠮᠵᠢᠯ ᠦᠬᠡᠢ᠂ ᠭᠠᠶᠢᠯᠢ ᠲᠤᠰᠢᠶᠠᠬᠤ ᠶᠤᠰᠤᠳᠡᠢ ᠤᠷᠤᠯᠭ᠎ᠠ ᠤᠯᠤᠭᠠᠳ ᠮᠡᠳᠡᠬᠦᠯᠦᠭᠰᠡᠨ ᠦᠬᠡᠢ ᠵᠡᠷᠬᠡ ᠪᠠᠶᠢᠳᠡᠯ ᠤᠷᠤᠰᠢᠵᠤ ᠪᠠᠶᠢᠬᠤ ᠡᠰᠡᠬᠦ ᠶᠢ ᠪᠠᠶᠢᠴᠠᠭᠠᠬᠤ ᠶᠢᠨ ᠬᠠᠮᠳᠤ ᠱᠠᠯᠠᠪᠳᠠᠨ ᠨᠦᠬᠦᠪᠤᠷᠢᠯᠡᠵᠤ ᠵᠠᠯᠠᠷᠠᠭᠤᠯᠬᠤ ᠬᠡᠷᠡᠭᠳᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号