| ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ | ᠨᠠᠮ ᠤᠨ ᠭᠡᠰᠢᠭᠦᠨ ᠺᠠᠳ᠋ᠷᠴᠤᠳ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠳᠬᠡᠯ ᠥᠭᠬᠦ ᠲᠦᠷᠢᠮ︾ ᠤᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠰᠠᠬᠢᠯᠭ᠎ᠠ ᠪᠠᠲᠤ ᠶᠢ | ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢ ᠴᠢᠩᠭᠠᠳᠬᠠᠬᠤ ᠶᠢᠨ | ᠲᠥᠯᠥᠭᠡ᠂ ᠤᠶᠢᠷ᠎ᠠ ᠳᠤ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠢ ᠵᠠᠨ ᠭᠦᠸᠧ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠨᠠᠮ ᠤᠨ ︽ᠵᠢᠷᠭᠤᠭᠠᠨ ᠶᠡᠭᠡ ᠰᠠᠬᠢᠯᠭ᠎ᠠ | ᠪᠠᠲᠤ︾ ᠪᠠᠷ ᠭᠤᠤᠯ ᠰᠡᠳᠦᠪ ᠪᠣᠯᠭᠠᠭᠰᠠᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠰᠤᠷᠭᠠᠨ | ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠤ | ᠪᠠᠶᠢᠭᠤᠯᠭ᠎ᠠ ᠪᠣᠯᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠪᠦᠬᠦ ᠨᠠᠮ ᠤᠨ ᠭᠡᠰᠢᠭᠦᠨ | ᠺᠠᠳ᠋ᠷ 100 ᠭᠠᠷᠤᠢ ᠬᠥᠮᠦᠨ ᠨᠠᠮ ᠤᠨ ᠬᠢᠴᠢᠶᠡᠯ ᠢ ᠰᠤᠨᠤᠰᠴᠠᠢ᠃ | ᠪᠢ ᠵᠠᠨ ᠭᠦᠸᠧ᠂ ᠰᠤᠷᠭᠠᠨ ᠬᠥᠮᠦᠵᠢᠯ ᠤᠨ ᠰᠢᠰᠲ᠋ᠧᠮ ᠤᠨ ᠪᠥᠬᠦ ᠨᠠᠮ ᠤᠨ ᠭᠡᠰᠢᠭᠦᠨ ᠺᠠᠳ᠋ᠷᠴᠤᠳ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠰᠤᠷᠭᠠᠨ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠦᠴᠦᠲᠡᠶ ᠠᠷᠭ᠎ᠠ ᠬᠡᠮᠵᠢᠶ᠎ᠡ ᠪᠣᠯᠭᠠᠵᠤ᠂ ᠰᠤᠷᠭᠠᠨ | ᠬᠥᠮᠦᠵᠢᠯ ᠤᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠰᠤᠷᠤᠯᠴᠠᠯᠭ᠎ᠠ ᠶᠢᠨ ᠦᠷ᠎ᠡ | ᠪᠦᠲᠦᠭᠡᠯ ᠢ ᠦᠨᠡᠨ ᠬᠦ ᠭᠦᠨᠵᠡᠭᠡᠶᠢᠷᠡᠭᠦᠯᠬᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠦᠪ ᠴᠢᠩᠭ᠎ᠠ ᠰᠠᠬᠢᠯᠭ᠎ᠠ | ᠪᠠᠲᠤ ᠪᠠᠷ ᠠᠵᠢᠯ ᠤᠨ ᠰᠤᠷᠲᠠᠯ ᠢ ᠬᠥᠪᠴᠢᠯᠡᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ | ᠲᠠᠯ᠎ᠠ ᠪᠠᠷ ᠲᠤᠭᠤᠰᠢᠯᠠᠭᠤᠯᠤᠨ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠵᠤ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ ᠭᠡᠵᠤ ᠴᠢᠬᠤᠯᠠᠴᠢᠯᠠᠪᠠ᠃ | |