ᠬᠤᠯᠪᠣᠭ᠎ᠠ ᠪᠠᠯᠭᠠᠰᠤ ︽ᠳᠤᠯᠠᠭᠠᠯᠠᠭ᠎ᠠ ᠶᠢᠨ ᠢᠨᠵᠧᠨᠧᠷᠢᠩ︾ ᠤᠨ ᠬᠤᠷᠳᠤᠴᠠ ᠶᠢ ᠲᠦᠷᠭᠡᠳᠭᠡᠵᠤ ᠠᠷᠠᠳ ᠣᠯᠠᠨ ᠤ ᠵᠢᠷᠭᠠᠯᠳᠦ ᠲᠦᠷᠦᠭᠳᠡᠯ ᠢ ᠨᠡᠮᠡᠭᠳᠡᠭᠦᠯᠵᠤ ᠪᠤᠢ
ᠨᠡᠶᠢᠲᠡᠯᠡᠭᠰᠡᠨ ᠴᠠᠭ᠄
2024/6/17
   ᠣᠶᠢᠷ᠎ᠠ ᠳᠤ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ︽ᠳᠤᠯᠠᠭᠠᠯᠠᠭ᠎ᠠ  ᠶᠢᠨ ᠢᠨᠵᠧᠨᠧᠷᠢᠩ︾ ᠤᠨ ᠪᠠᠷᠢᠯᠭ᠎ᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠠᠮᠵᠢᠨ᠂ ᠢᠯᠴᠢ ᠬᠠᠩᠭᠠᠬᠤ ᠲᠥᠬᠦᠭᠡᠷᠦᠮᠵᠢ ᠶᠢ ᠰᠢᠨᠡᠳᠭᠡᠨ ᠥᠭᠡᠷᠡᠴᠢᠯᠡᠬᠦ ᠶᠢ ᠠᠬᠢᠭᠤᠯᠵᠤ᠂  ᠠᠷᠠᠳ ᠤᠯᠠᠨ ᠤ ᠲᠤᠯᠠᠭᠠᠨ ᠪᠦᠯᠢᠶᠡᠨ ᠡᠪᠤᠯᠵᠢᠬᠦ ᠳᠤ ᠭᠦᠢᠴᠡᠳ ᠪᠡᠯᠡᠳᠬᠡᠯ  ᠬᠢᠵᠤ ᠪᠤᠢ᠃    ᠬᠤᠯᠪᠣᠭ᠎ᠠ ᠪᠠᠯᠭᠠᠰᠤᠨ ᠤ ᠢᠯᠴᠢ ᠪᠤᠯᠤᠨ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠴᠢᠳ ᠡᠷᠴᠢ ᠵᠣᠷᠢᠭ ᠢᠶᠠᠨ ᠬᠥᠪᠴᠢᠯᠡᠨ ᠭᠠᠵᠠᠷ ᠤᠬᠤᠬᠤ᠂ ᠢᠯᠴᠢ ᠬᠠᠩᠭᠠᠬᠤ ᠬᠤᠭᠤᠯᠠᠶ ᠵᠢᠴᠢ ᠢᠵᠢ ᠪᠥᠷᠢᠳᠦᠭᠦᠯᠬᠦ ᠬᠤᠭᠤᠯᠠᠶ ᠶᠢᠨ ᠳᠠᠭᠠᠯᠲᠠ ᠲᠥᠬᠦᠭᠡᠷᠦᠮᠵᠢ ᠶᠢ ᠰᠤᠯᠢᠬᠤ ᠵᠡᠷᠭᠡ ᠠᠵᠢᠯ ᠳᠠᠭᠠᠨ ᠶᠠᠭᠠᠷᠠᠵᠠᠭᠠᠨ᠎ᠠ᠃
   ︽ᠤᠤᠯ ᠤᠨ ᠬᠤᠭᠤᠯᠠᠢ ᠨᠢᠭᠡᠨᠲᠡ ᠵᠢᠪᠡᠷᠡᠨ ᠬᠠᠭᠤᠴᠢᠷᠠᠪᠠ᠂ ᠠᠵᠢᠯᠴᠢᠳ ᠪᠦᠷ ᠶᠠᠭᠠᠷᠠᠯᠲᠠᠢ ᠠᠵᠢᠯᠯᠠᠵᠤ᠂ ᠤᠳᠤ 90% ᠶᠢᠨ ᠪᠠᠷᠢᠯᠭ᠎ᠠ ᠶᠢ ᠳᠠᠭᠤᠰᠬᠠᠭᠰᠠᠨ ᠪᠠᠶᠢᠨ᠎ᠠ︾ ᠭᠡᠵᠤ ᠥᠪᠥᠷ ᠮᠣᠩᠭᠤᠯ ᠤᠨ ᠰᠢᠨ ᠵᠢᠶᠠ ᠯᠢ ᠪᠠᠷᠢᠯᠭ᠎ᠠ ᠶᠢᠨ ᠤᠭᠰᠠᠷᠠᠯᠳᠠ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠵᠢᠶᠠᠩ ᠸᠧᠨ ᠭᠤᠸᠠᠩ ᠬᠡᠯᠡᠪᠡ᠃   ᠡᠨᠡᠬᠦ ᠬᠤᠯᠪᠤᠭ᠎ᠠ ᠪᠠᠯᠭᠠᠰᠤᠨ ᠤ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠨᠢ ᠢᠯᠴᠢ ᠬᠠᠩᠭᠠᠬᠤ ᠬᠤᠭᠤᠯᠠᠶ ᠬᠠᠭᠤᠴᠢᠷᠠᠵᠤ ᠡᠪᠳᠡᠷᠡᠭᠰᠡᠨ ᠠᠴᠠ ᠪᠤᠯᠤᠭᠰᠠᠨ ᠢᠯᠴᠢ ᠬᠠᠩᠭᠠᠬᠤ ᠳᠤ ᠰᠠᠭᠠᠳ ᠣᠯᠠᠨ ᠵᠡᠷᠭᠡ ᠠᠰᠠᠭᠤᠳᠠᠯ ᠢ ᠦᠨᠡᠨ ᠬᠦ ᠪᠦᠲᠦᠮᠵᠢᠲᠡᠶ ᠰᠢᠢᠳᠪᠦᠷᠢᠯᠡᠵᠦ᠂ ᠢᠯᠴᠢ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠦᠯᠦ ᠪᠠᠷᠠᠨ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠬᠦ ᠪᠤᠯᠤᠨ᠎ᠠ᠃     ︽ᠬᠤᠯᠪᠣᠭ᠎ᠠ ᠪᠠᠯᠭᠠᠰᠤ 5 ᠰᠠᠷ᠎ᠠ ᠶᠢᠨ 15 ᠤ ᠡᠳᠦᠷ ᠠᠴᠠ ᠡᠬᠢᠯᠡᠨ᠂ 4.4 ᠺᠢᠯᠣᠮᠧᠲᠷ ᠤᠨ ᠳᠤᠯᠠᠭᠠᠯᠠᠭ᠎ᠠ ᠶᠢᠨ ᠢᠨᠵᠧᠨᠧᠷᠢᠩ ᠤᠨ ᠬᠤᠭᠤᠯᠠᠶ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠪᠢᠳᠡ ᠰᠠᠷ᠎ᠠ  ᠢᠯᠡᠭᠦᠦ ᠴᠠᠭ ᠢ ᠠᠰᠢᠭᠯᠠᠨ 4.4 ᠺᠢᠯᠣᠮᠧᠲᠷ ᠤᠨ ᠬᠤᠭᠤᠯᠠᠶ ᠶᠢ ᠲᠦᠢᠯᠪᠤᠷᠢᠲᠠᠶ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠂ ᠢᠩᠬᠢᠵᠦ 7 ᠰᠠᠷ᠎ᠠ ᠶᠢᠨ 1 ᠠᠴᠠ ᠡᠮᠦᠨ᠎ᠡ ᠪᠥᠬᠦ ᠪᠠᠯᠭᠠᠰᠤᠨ ᠤ 17 ᠰᠠᠭᠤᠭᠠᠯᠢ ᠠᠷᠠᠳ ᠤᠨ ᠲᠣᠭᠤᠷᠢᠭ᠂ 684 ᠡᠷᠦᠬᠡ ᠳᠤ ᠬᠤᠯᠪᠤᠭᠳᠠᠬᠤ ᠬᠤᠭᠤᠯᠠᠶ ᠶᠢ ᠪᠦᠬᠦᠨ ᠢ ᠥᠭᠡᠷᠡᠴᠢᠯᠡᠵᠦ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠢᠨᠵᠧᠨᠧᠷᠢᠩ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠡᠨᠡ ᠵᠢᠯ ᠤᠨ ᠡᠪᠦᠯ ᠪᠤᠯᠳᠠᠯ᠎ᠠ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠪᠠᠷ ᠪᠠᠶᠢᠨ᠎ᠠ︾ ᠭᠡᠵᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠦ ᠶᠦᠩ ᠽᠧ ᠬᠡᠯᠡᠪᠡ᠃  
               ᠵᠠᠩ ᠬᠤᠩ ᠪᠢᠶᠣᠣ    ᠵᠣᠣ ᠽᠢ ᠯᠥᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号