ᠪᠠᠳᠠᠷᠠᠬᠤ ᠪᠠᠯᠭᠠᠰᠤ ᠬᠢᠲᠠᠳ ᠡᠪᠡᠰᠦᠨ ᠡᠮ ᠤᠨ ᠠᠵᠤ ᠦᠢᠯᠡᠰ ᠢ ᠬᠥᠭᠵᠢᠭᠦᠯᠵᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2024/6/17
    ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ︽ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠬᠡᠯᠪᠡᠷᠢ ᠪᠠᠷ ᠤᠯᠠᠭᠠᠨ ᠴᠠᠨ᠎ᠠ᠂ ᠴᠢᠨ᠋ᠸ᠎ᠠ ᠶᠢᠨ ᠬᠠᠯᠳᠠᠷ ᠵᠡᠷᠭᠡ ᠬᠢᠲᠠᠳ ᠡᠪᠡᠰᠤᠨ ᠡᠮ ᠤᠨ ᠲᠠᠷᠢᠮᠠᠯ ᠢ ᠶᠡᠬᠡᠪᠡᠷ ᠬᠥᠭᠵᠢᠭᠦᠯᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠤ ᠪᠠᠶᠢᠨ᠎ᠠ᠃     6 ᠰᠠᠷ᠎ᠠ ᠳᠤ ᠵᠠᠯᠠᠶᠢᠳ ᠬᠤᠰᠢᠭᠤᠨ ᠤ ᠪᠤᠷᠤ ᠰᠦᠬᠡᠭ ᠬᠢᠲᠠᠳ ᠡᠪᠡᠰᠤᠨ ᠡᠮ ᠲᠠᠷᠢᠬᠤ ᠲᠤᠰᠬᠠᠢ  ᠬᠤᠷᠰᠢᠶᠠᠵᠢᠯ ᠤᠨ ᠲᠠᠷᠢᠮᠠᠯ ᠤᠨ ᠰᠠᠭᠤᠷᠢᠨ ᠭᠠᠵᠠᠷ ᠲᠠᠬᠢ ᠴᠡᠴᠡᠭᠯᠡᠬᠦ ᠬᠤᠭᠤᠴᠠᠭᠠᠨ ᠳᠤ ᠤᠷᠤᠭᠰᠠᠨ ᠴᠠᠨ᠎ᠠ ᠴᠡᠴᠡᠭ  ᠦᠩᠭᠡ ᠢᠯᠭᠠᠷᠠᠨ ᠳᠡᠯᠭᠡᠷᠡᠵᠦ᠂ ᠠᠮᠢ ᠠᠬᠤᠢ ᠪᠠ ᠠᠵᠤ ᠦᠢᠯᠡᠰ ᠤᠨ ᠬᠠᠮᠲᠤ ᠪᠠᠷ ᠬᠥᠭᠵᠢᠬᠦ ᠰᠢᠨ᠎ᠡ ᠬᠦᠰᠡᠯ ᠡᠷᠡᠮᠡᠯᠵᠡᠯ ᠢ ᠠᠪᠴᠢᠷᠠᠯ᠎ᠠ᠃ ᠡᠭᠦᠨ ᠤ ᠬᠠᠮᠲᠤ ᠬᠤᠷᠢ ᠭᠠᠷᠤᠶ ᠠᠵᠢᠯᠴᠢᠨ ᠴᠢᠨ᠋ᠸ᠎ᠠ ᠶᠢᠨ ᠬᠠᠯᠳᠠᠷ ᠤᠨ ᠦᠨᠳᠦᠰᠦ ᠶᠢ ᠰᠠᠯᠭᠠᠬᠤ ᠠᠵᠢᠯ ᠳᠠᠭᠠᠨ ᠶᠠᠭᠠᠷᠠᠯᠳᠤᠨ᠎ᠠ᠃     ︽2019 ᠣᠨ ᠠᠴᠠ ᠡᠬᠢᠯᠡᠨ ᠬᠢᠲᠠᠳ ᠡᠪᠡᠰᠦᠨ ᠡᠮ ᠢ ᠠᠵᠤ ᠦᠢᠯᠡᠰ ᠢ ᠡᠵᠡᠩᠨᠡᠵᠦ᠂  ᠬᠢᠲᠠᠳ ᠡᠪᠡᠰᠦᠨ ᠡᠮ ᠤᠨ ᠲᠠᠷᠢᠵᠤ ᠪᠠᠶᠢᠭ᠎ᠠ ᠲᠠᠯᠠᠪᠠᠢ ᠨᠡᠶᠢᠲᠡ 1000 ᠮᠥ ᠬᠦᠷᠴᠤ ᠪᠤᠢ᠂ ᠣᠲᠣ ᠬᠤᠷᠰᠢᠶᠠᠵᠢᠯ ᠤᠨ ᠬᠢᠨ ᠪᠠᠳᠠᠷᠠᠬᠤ ᠪᠠᠯᠭᠠᠰᠤᠨ ᠤ 260 ᠡᠷᠦᠬᠡ ᠶᠢ ᠳᠠᠶᠢᠴᠢᠯᠠᠨ ᠬᠢᠲᠠᠳ ᠡᠪᠡᠰᠦᠨ ᠡᠮ ᠳᠠᠷᠢᠭᠤᠯᠵᠤ ᠪᠠᠶᠢᠨ᠎ᠠ︾ ᠭᠡᠵᠤ ᠵᠠᠯᠠᠶᠢᠳ ᠬᠤᠰᠢᠭᠤᠨ ᠤ ᠪᠣᠷᠣ ᠰᠥᠭᠡᠭ ᠬᠢᠲᠠᠳ ᠡᠪᠡᠰᠦᠨ ᠡᠮ ᠲᠠᠷᠢᠬᠤ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠸᠠᠩ ᠱᠦ ᠴᠢᠨ ᠬᠡᠯᠡᠪᠡ᠃     ᠤᠶᠢᠷ᠎ᠠ ᠶᠢᠨ ᠵᠢᠯ ᠠᠴᠠ ᠨᠠᠭᠠᠰᠢ᠂ ᠪᠠᠳᠠᠷᠠᠬᠤ ᠪᠠᠯᠭᠠᠰᠤ ᠬᠤᠷᠰᠢᠶᠠᠵᠢᠯ᠂ ᠴᠢᠳᠠᠪᠤᠷᠢᠳᠠᠨ ᠤ ᠲᠤᠮᠤ ᠡᠷᠦᠬᠡ ᠶᠢ ᠢᠳᠡᠪᠬᠢᠲᠡᠢ ᠣᠷᠣᠭᠤᠯᠤᠨ ᠠᠪᠴᠢᠷᠠᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠵᠡᠷᠭᠡ ᠠᠷᠭ᠎ᠠ ᠬᠡᠯᠪᠡᠷᠢ ᠪᠠᠷ ᠬᠢᠲᠠᠳ ᠡᠪᠡᠰᠦᠨ ᠡᠮ ᠤᠨ ᠠᠵᠤ ᠦᠢᠯᠡᠰ ᠢ ᠶᠡᠬᠡᠪᠡᠷ ᠬᠥᠭᠵᠢᠭᠦᠯᠪᠡ  ᠃  ᠪᠤᠷᠤ ᠰᠦᠬᠡᠭ ᠬᠢᠲᠠᠳ ᠡᠪᠡᠰᠤᠨ ᠡᠮ ᠲᠠᠷᠢᠬᠤ ᠲᠤᠰᠬᠠᠢ ᠬᠤᠷᠰᠢᠶᠠᠵᠢᠯ ᠤᠨ ᠪᠤᠵᠠᠭᠠᠶᠢᠷᠠᠨ ᠬᠦᠭᠵᠢᠵᠤ ᠪᠠᠶᠢᠭ᠎ᠠ ᠨᠢ ᠳᠠᠷᠤᠢ ᠬᠦᠴᠦᠲᠡᠢ ᠬᠤᠷᠢᠶᠠᠩᠭᠤᠢ ᠲᠦᠷᠰᠤ ᠪᠣᠯᠤᠨ᠎ᠠ᠃ ᠤᠳᠤᠬᠠᠨ ᠳᠤ ᠲᠤᠰ ᠬᠤᠷᠰᠢᠶᠠᠵᠢᠯ ᠨᠢᠭᠡᠨᠲᠡ ᠤᠶᠢᠷ᠎ᠠ ᠬᠠᠪᠢ ᠶᠢᠨ ᠠᠷᠠᠳ ᠤᠯᠠᠨ ᠢᠶᠠᠨ ᠳᠠᠶᠢᠴᠢᠯᠠᠨ 370 ᠭᠠᠷᠤᠶ ᠮᠥ ᠬᠢᠲᠠᠳ ᠡᠪᠡᠰᠤᠨ ᠡᠮ ᠲᠠᠷᠢᠭᠤᠯᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 1 ᠲᠦᠮᠡ ᠭᠠᠷᠤᠶ ᠲᠥᠭᠦᠷᠢᠭ ᠨᠡᠮᠡᠭᠳᠡᠭᠦᠯᠪᠡ᠂ ᠬᠢᠲᠠᠳ ᠡᠪᠡᠰᠤᠨ ᠡᠮ ᠳᠠᠷᠢᠬᠤ ᠨᠢ ᠠᠭᠠᠵᠢᠮ ᠢᠶᠠᠷ ᠠᠷᠠᠳ ᠣᠯᠠᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ︽ᠠᠯᠳᠠᠨ ᠲᠦᠯᠬᠢᠭᠦᠷ︾  ᠪᠤᠯᠤᠭᠰᠠᠨ ᠪᠠᠶᠢᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号