ᠲᠡᠮᠡᠭᠡᠴᠢ ᠪᠠᠯᠭᠠᠰᠤ ᠭᠤᠷᠪᠠᠨ ᠵᠤᠶᠢᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/17
   ᠤᠶᠢᠷ᠎ᠠ ᠳᠤ᠂  ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠯᠭᠠᠰᠤᠨ ᠤ ᠵᠠᠩᠬᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃     ᠬᠤᠷᠠᠯ ᠠᠴᠠ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ︽ᠡᠮᠦᠨ᠎ᠡ ᠨᠢ ᠶᠠᠪᠤᠬᠤ︾ ᠶᠢ ᠪᠠᠲᠤᠯᠠᠵᠤ᠂ ᠦᠨᠳᠦᠰᠦᠨ ᠱᠠᠲᠤᠨ ᠤ ᠵᠠᠷᠢᠮ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠲᠠᠯ᠎ᠠ ᠪᠠᠷ ᠣᠶᠢᠯᠠᠭᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠭᠤᠣᠯᠳᠠᠯᠭ᠎ᠠ ᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠴᠤᠬᠴᠠᠵᠢᠭᠤᠯᠤᠨ ᠪᠠᠶᠢᠷᠢᠯᠠᠭᠤᠯᠵᠤ᠂ ᠨᠢᠭᠡ ᠴᠤᠬᠴᠠᠵᠢᠭᠤᠯᠤᠨ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ ᠶᠠᠪᠤᠴᠠ ᠶᠢ ᠬᠠᠮᠤᠭ ᠤᠨ ᠶᠡᠭᠡ ᠬᠡᠮᠵᠢᠶ᠎ᠡ ᠪᠠᠷ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠤᠰᠬᠠᠬᠤ  ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠵᠦ᠂ ᠮᠠᠯᠴᠢᠨ ᠲᠠᠷᠢᠶᠠᠴᠢᠨ ᠲᠦᠮᠡᠨ ᠳᠤ ᠪᠣᠳᠠᠲᠠᠶ ᠠᠵᠢᠯ ᠬᠢᠵᠦ ᠥᠭᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠠᠯᠪᠢᠬᠤ ᠬᠡᠷᠡᠭᠲᠡᠶ᠃ ᠦᠨᠡᠨ ᠠᠴᠠ ᠵᠥᠪ ᠢ ᠡᠷᠢᠬᠦ ᠶᠢ ᠴᠢᠬᠤᠯᠠᠴᠢᠯᠠᠵᠤ᠂ ᠠᠰᠠᠭᠤᠳᠠᠯ ᠤᠨ ᠰᠦᠪᠡᠭᠴᠢ ᠶᠢ ᠪᠦᠬᠦ ᠲᠠᠯ᠎ᠠ ᠪᠠᠷ ᠲᠦᠢᠯᠪᠤᠷᠢᠲᠠᠢ ᠪᠠᠶᠢᠴᠠᠭᠠᠵᠤ᠂ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠳᠤ ᠰᠢᠭᠤᠳ ᠬᠠᠨᠳᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠠᠢ ᠪᠦᠲᠦᠮᠵᠢᠲᠡᠢ ᠵᠣᠯᠭᠠᠭᠤᠯᠬᠤ ᠬᠡᠷᠡᠭᠲᠡᠢ᠃ ᠭᠤᠷᠪᠠᠨ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠲᠡᠮᠡᠭᠡᠴᠢ ᠪᠠᠯᠭᠠᠰᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号