| ᠣᠶᠢᠷ᠎ᠠ ᠳᠤ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ︽ᠳᠤᠯᠠᠭᠠᠯᠠᠭ᠎ᠠ ᠶᠢᠨ ᠢᠨᠵᠧᠨᠧᠷᠢᠩ︾ ᠤᠨ | ᠪᠠᠷᠢᠯᠭ᠎ᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠠᠮᠵᠢᠨ᠂ ᠢᠯᠴᠢ ᠬᠠᠩᠭᠠᠬᠤ ᠲᠥᠬᠦᠭᠡᠷᠦᠮᠵᠢ ᠶᠢ ᠰᠢᠨᠡᠳᠭᠡᠨ | ᠥᠭᠡᠷᠡᠴᠢᠯᠡᠬᠦ ᠶᠢ ᠠᠬᠢᠭᠤᠯᠵᠤ᠂ ᠠᠷᠠᠳ ᠤᠯᠠᠨ ᠤ ᠲᠤᠯᠠᠭᠠᠨ ᠪᠦᠯᠢᠶᠡᠨ ᠡᠪᠤᠯᠵᠢᠬᠦ ᠳᠤ ᠭᠦᠢᠴᠡᠳ ᠪᠡᠯᠡᠳᠬᠡᠯ | ᠬᠢᠵᠤ ᠪᠤᠢ᠃ | ᠬᠤᠯᠪᠣᠭ᠎ᠠ ᠪᠠᠯᠭᠠᠰᠤᠨ ᠤ ᠢᠯᠴᠢ ᠪᠤᠯᠤᠨ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠴᠢᠳ ᠡᠷᠴᠢ | ᠵᠣᠷᠢᠭ ᠢᠶᠠᠨ ᠬᠥᠪᠴᠢᠯᠡᠨ ᠭᠠᠵᠠᠷ ᠤᠬᠤᠬᠤ᠂ ᠢᠯᠴᠢ ᠬᠠᠩᠭᠠᠬᠤ ᠬᠤᠭᠤᠯᠠᠶ ᠵᠢᠴᠢ ᠢᠵᠢ ᠪᠥᠷᠢᠳᠦᠭᠦᠯᠬᠦ | ᠬᠤᠭᠤᠯᠠᠶ ᠶᠢᠨ ᠳᠠᠭᠠᠯᠲᠠ ᠲᠥᠬᠦᠭᠡᠷᠦᠮᠵᠢ ᠶᠢ ᠰᠤᠯᠢᠬᠤ ᠵᠡᠷᠭᠡ ᠠᠵᠢᠯ ᠳᠠᠭᠠᠨ ᠶᠠᠭᠠᠷᠠᠵᠠᠭᠠᠨ᠎ᠠ᠃ | ︽ᠤᠤᠯ ᠤᠨ ᠬᠤᠭᠤᠯᠠᠢ ᠨᠢᠭᠡᠨᠲᠡ ᠵᠢᠪᠡᠷᠡᠨ ᠬᠠᠭᠤᠴᠢᠷᠠᠪᠠ᠂ ᠠᠵᠢᠯᠴᠢᠳ ᠪᠦᠷ ᠶᠠᠭᠠᠷᠠᠯᠲᠠᠢ ᠠᠵᠢᠯᠯᠠᠵᠤ᠂ ᠤᠳᠤ | 90% ᠶᠢᠨ ᠪᠠᠷᠢᠯᠭ᠎ᠠ ᠶᠢ ᠳᠠᠭᠤᠰᠬᠠᠭᠰᠠᠨ ᠪᠠᠶᠢᠨ᠎ᠠ︾ ᠭᠡᠵᠤ ᠥᠪᠥᠷ ᠮᠣᠩᠭᠤᠯ ᠤᠨ ᠰᠢᠨ ᠵᠢᠶᠠ ᠯᠢ | ᠪᠠᠷᠢᠯᠭ᠎ᠠ ᠶᠢᠨ ᠤᠭᠰᠠᠷᠠᠯᠳᠠ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠲᠥᠷᠥᠯ ᠵᠦᠢᠯ ᠤᠨ | ᠬᠠᠷᠢᠭᠤᠴᠠᠯᠭᠠᠲᠠᠨ ᠵᠢᠶᠠᠩ ᠸᠧᠨ ᠭᠤᠸᠠᠩ ᠬᠡᠯᠡᠪᠡ᠃ | | | | ᠡᠨᠡᠬᠦ ᠬᠤᠯᠪᠤᠭ᠎ᠠ ᠪᠠᠯᠭᠠᠰᠤᠨ ᠤ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠨᠢ ᠢᠯᠴᠢ | ᠬᠠᠩᠭᠠᠬᠤ ᠬᠤᠭᠤᠯᠠᠶ ᠬᠠᠭᠤᠴᠢᠷᠠᠵᠤ ᠡᠪᠳᠡᠷᠡᠭᠰᠡᠨ ᠠᠴᠠ ᠪᠤᠯᠤᠭᠰᠠᠨ ᠢᠯᠴᠢ ᠬᠠᠩᠭᠠᠬᠤ ᠳᠤ ᠰᠠᠭᠠᠳ ᠣᠯᠠᠨ | ᠵᠡᠷᠭᠡ ᠠᠰᠠᠭᠤᠳᠠᠯ ᠢ ᠦᠨᠡᠨ ᠬᠦ ᠪᠦᠲᠦᠮᠵᠢᠲᠡᠶ ᠰᠢᠢᠳᠪᠦᠷᠢᠯᠡᠵᠦ᠂ ᠢᠯᠴᠢ ᠬᠠᠩᠭᠠᠬᠤ ᠶᠠᠰᠤ ᠴᠢᠨᠠᠷ ᠪᠠ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠦᠯᠦ ᠪᠠᠷᠠᠨ ᠲᠦᠭ ᠲᠦᠮᠡᠨ ᠠᠶᠢᠯ ᠡᠷᠦᠬᠡ ᠳᠤ ᠠᠰᠢᠭ | ᠬᠦᠷᠲᠡᠭᠡᠬᠦ ᠪᠤᠯᠤᠨ᠎ᠠ᠃ | ︽ᠬᠤᠯᠪᠣᠭ᠎ᠠ ᠪᠠᠯᠭᠠᠰᠤ 5 ᠰᠠᠷ᠎ᠠ ᠶᠢᠨ 15 ᠤ ᠡᠳᠦᠷ ᠠᠴᠠ ᠡᠬᠢᠯᠡᠨ᠂ 4.4 ᠺᠢᠯᠣᠮᠧᠲᠷ ᠤᠨ | ᠳᠤᠯᠠᠭᠠᠯᠠᠭ᠎ᠠ ᠶᠢᠨ ᠢᠨᠵᠧᠨᠧᠷᠢᠩ ᠤᠨ ᠬᠤᠭᠤᠯᠠᠶ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠪᠢᠳᠡ ᠰᠠᠷ᠎ᠠ ᠢᠯᠡᠭᠦᠦ | ᠴᠠᠭ ᠢ ᠠᠰᠢᠭᠯᠠᠨ 4.4 ᠺᠢᠯᠣᠮᠧᠲᠷ ᠤᠨ ᠬᠤᠭᠤᠯᠠᠶ ᠶᠢ ᠲᠦᠢᠯᠪᠤᠷᠢᠲᠠᠶ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠂ | ᠢᠩᠬᠢᠵᠦ 7 ᠰᠠᠷ᠎ᠠ ᠶᠢᠨ 1 ᠠᠴᠠ ᠡᠮᠦᠨ᠎ᠡ ᠪᠥᠬᠦ ᠪᠠᠯᠭᠠᠰᠤᠨ ᠤ 17 ᠰᠠᠭᠤᠭᠠᠯᠢ ᠠᠷᠠᠳ ᠤᠨ ᠲᠣᠭᠤᠷᠢᠭ᠂ 684 | ᠡᠷᠦᠬᠡ ᠳᠤ ᠬᠤᠯᠪᠤᠭᠳᠠᠬᠤ ᠬᠤᠭᠤᠯᠠᠶ ᠶᠢ ᠪᠦᠬᠦᠨ ᠢ ᠥᠭᠡᠷᠡᠴᠢᠯᠡᠵᠦ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠪᠢᠳᠡ ᠢᠨᠵᠧᠨᠧᠷᠢᠩ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ | ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠡᠨᠡ ᠵᠢᠯ ᠤᠨ ᠡᠪᠦᠯ ᠪᠤᠯᠳᠠᠯ᠎ᠠ ᠠᠷᠠᠳ ᠣᠯᠠᠨ ᠤ | ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠪᠠᠷ ᠪᠠᠶᠢᠨ᠎ᠠ︾ ᠭᠡᠵᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠯᠦ ᠶᠦᠩ ᠽᠧ ᠬᠡᠯᠡᠪᠡ᠃ | | | | ᠵᠠᠩ ᠬᠤᠩ ᠪᠢᠶᠣᠣ ᠵᠣᠣ ᠽᠢ ᠯᠥᠩ | | |