ᠰᠦᠨ ᠰᠢᠩ ᠢᠦᠶ ︽ᠭᠤᠷᠪᠠᠨ ᠵᠤᠶᠢᠯ ᠤᠨ ᠠᠵᠢᠯ︾ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/17
    ᠣᠶᠢᠷ᠎ᠠ ᠳᠤ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠰᠢᠩ ᠢᠦᠶ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠤᠷᠢᠳ ᠬᠤᠵᠢᠳ ᠪᠠᠶᠠᠨᠭᠤᠤᠯ ᠪᠠᠯᠭᠠᠰᠤᠨ ᠤ ᠶᠦᠩ ᠹᠠ ᠲᠣᠰᠬᠤᠨ᠂ ᠱᠢ ᠲᠧᠦ ᠵᠢᠩᠽᠢ ᠲᠣᠰᠬᠤᠨ᠂ ᠪᠤᠯᠭᠠᠨᠬᠤᠸᠠ ᠰᠤᠮᠤᠨ ᠤ ᠶᠢᠨ ᠱᠠᠨ ᠭᠠᠴᠠᠭ᠎ᠠ᠂ ᠬᠦᠷᠡᠯ ᠪᠠᠯᠭᠠᠰᠤᠨ ᠤ ᠬᠤᠲᠠᠲᠠᠶ ᠭᠠᠴᠠᠭ᠎ᠠ ᠪᠠᠷ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠰᠦᠨ ᠰᠢᠩ ᠢᠦᠢ᠂ ︽ᠭᠤᠷᠪᠠᠨ ᠵᠦᠢᠯ ᠤᠨ ᠠᠵᠢᠯ︾ ᠢ ᠨᠢᠭᠡᠳᠦᠯᠲᠡᠢ ᠲᠥᠯᠥᠪᠵᠢᠭᠦᠯᠦᠨ ᠦᠩᠭᠡᠨ ᠲᠠᠯ᠎ᠠ ᠪᠠ ᠦᠨᠳᠦᠰᠣ ᠠᠴᠠ ᠨᠢ ᠵᠠᠰᠠᠵᠤ ᠠᠰᠠᠭᠤᠳᠠᠯ ᠢ ᠰᠢᠢᠳᠪᠦᠷᠢᠯᠡᠨ᠂ ᠤᠯᠠᠨ ᠲᠦᠮᠡᠨ ᠳᠤ ᠦᠨᠡᠨ ᠪᠣᠳᠠᠲᠠᠢ ᠬᠤᠪᠢᠷᠠᠯᠲᠠ ᠶᠢ ᠮᠡᠳᠡᠷᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠵᠤ᠂ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠰᠤᠷᠤᠯᠴᠠᠵᠤ ᠬᠡᠷᠡᠭᠯᠡᠬᠦ ᠶᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠵᠦ ︽ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠰᠠᠬᠢᠬᠤ︾ ᠪᠣᠯᠭᠠᠵᠤ᠂ ᠢᠯᠵᠠᠷᠡᠬᠦ ᠠᠴᠠ ᠵᠢᠷᠦᠬᠡᠰᠢᠶᠡᠬᠦ᠂ ᠢᠯᠵᠠᠷᠡᠵᠦ ᠪᠣᠯᠬᠤ ᠦᠭᠡᠢ᠂ ᠢᠯᠵᠠᠷᠡᠬᠦ ᠶᠢ ᠪᠤᠳᠤᠬᠤ ᠦᠭᠡᠢ ᠪᠠᠶᠢᠬᠤ ᠶᠢ ᠡᠬᠢ ᠡᠭᠦᠰᠦᠯ ᠠᠴᠠ ᠨᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ᠃ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠱᠠᠮᠰᠢᠨ ᠡᠵᠡᠯᠡᠬᠦ᠂ ᠲᠦᠷᠦᠯ ᠰᠠᠳᠤᠨ ᠢᠶᠠᠨ ᠬᠠᠷᠠᠭᠠᠯᠵᠠᠬᠤ ᠵᠡᠷᠭᠡ ᠠᠰᠠᠭᠤᠳᠠᠯ ᠢ ᠴᠢᠩᠭ᠎ᠠ ᠵᠠᠯᠬᠠᠭᠠᠨ ᠰᠢᠳᠬᠡᠵᠦ᠂ ᠨᠠᠮ ᠤᠨ ᠰᠠᠬᠢᠯᠭ᠎ᠠ ᠪᠠᠲᠤ ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶᠢᠬᠤ ᠶᠢ ᠪᠡᠶᠡᠯᠡᠭᠦᠯᠵᠦ᠂ ᠤᠯᠠᠨ ᠲᠦᠮᠡᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ᠃ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠡᠷᠡᠭ ᠶᠠᠪᠤᠳᠠᠯ ᠢ ᠵᠢᠷᠤᠮᠵᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠠᠷᠤᠭᠠᠰᠤ ᠶᠢ ᠬᠥᠩᠭᠡᠯᠡᠬᠦ ᠠᠴᠠ ᠪᠢᠰᠢ ᠬᠠᠷᠢᠭᠤᠴᠠᠯᠭ᠎ᠠ ᠶᠢ ᠬᠥᠩᠭᠡᠯᠡᠬᠦ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠮᠠᠯᠵᠢᠬᠤ ᠲᠠᠷᠢᠶᠠᠯᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ  ᠤᠨ ᠴᠢᠨᠠᠷ ᠰᠠᠶᠢᠲᠠᠶ ᠬᠥᠭᠵᠢᠯᠲᠡ ᠶᠢ  ᠲᠠᠶᠢᠴᠢᠯᠠᠨ ᠳᠠᠭᠠᠭᠤᠯᠬᠤ ᠬᠡᠷᠡᠭᠲᠡᠶ ᠭᠡᠵᠡᠢ᠃     ᠪᠠᠶᠢᠴᠠᠭᠠᠨ ᠰᠤᠳᠤᠯᠤᠯᠲᠠ ᠳᠤ᠂ ᠰᠦᠨ ᠰᠢᠩ ᠢᠦᠢ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠤᠳᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠨᠤᠳᠤᠭ ᠪᠡᠯᠴᠢᠭᠡᠷ ᠤᠨ ᠬᠡᠳᠦ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ᠂ ᠭᠠᠴᠠᠭ᠎ᠠ ᠲᠣᠰᠬᠤᠨ ᠳᠤ ᠰᠠᠭᠤᠬᠤ ᠠᠵᠢᠯ ᠵᠡᠷᠭᠡ ᠳᠤ ᠪᠤᠳᠠᠲᠠᠢ ᠱᠠᠭᠠᠷᠳᠠᠯᠭ᠎ᠠ ᠳᠤᠷᠠᠳᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号