ᠬᠤᠰᠢᠭᠤᠨ ᠳᠠᠷᠤᠭ᠎ᠠ ᠴᠢ ᠯᠢᠨ ᠪᠡᠭᠡᠵᠢᠩ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/6/17
     ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 13 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠪᠡᠭᠡᠵᠢᠩ ᠳᠤ ᠬᠦᠷᠴᠦ᠂ ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ  ᠠᠷᠠᠯᠵᠢᠶᠠᠴᠢᠨ ᠤᠷᠢᠵᠤ ᠪᠠᠯᠠ ᠮᠦᠩᠭᠦ ᠣᠷᠣᠭᠤᠯᠤᠨ ᠠᠪᠴᠢᠷᠠᠬᠤ ᠲᠥᠷᠥᠯ ᠵᠦᠢᠯ ᠢ ᠰᠢᠨᠵᠢᠯᠡᠨ ᠪᠠᠶᠢᠴᠠᠭᠠᠪᠠ᠃    ᠴᠢ ᠯᠢᠨ᠂ ᠳᠤᠮᠳᠠᠳᠤ ᠤᠯᠤᠰ ᠤᠨ ᠲᠡᠮᠦᠷ ᠵᠠᠮ ᠤᠨ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠳᠤ᠂ ᠬᠤᠶᠠᠷ ᠲᠠᠯ᠎ᠠ ᠪᠠᠷ ᠢᠶᠠᠨ ᠪᠦᠬᠦ ᠣᠷᠣᠨ ᠪᠦᠰᠡ ᠶᠢᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ᠂ ᠬᠤᠵᠢᠷᠯᠢᠭ ᠭᠠᠵᠠᠷ ᠢ ᠥᠭᠡᠷᠡᠴᠢᠯᠡᠬᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠭᠦᠨᠵᠡᠭᠡᠢ ᠵᠥᠪᠳᠡᠯᠴᠡᠨ ᠶᠠᠷᠢᠯᠴᠠᠪᠠ᠃ ᠠᠵᠤ ᠠᠬᠤᠶᠢᠯᠠᠯ ᠤᠨ ᠬᠢᠨ ᠡᠯ᠎ᠡ ᠵᠦᠢᠯ ᠤᠨ ᠪᠣᠯᠤᠮᠵᠢᠲᠤ ᠨᠤᠲᠠᠯᠠᠯᠲᠠ ᠶᠢ ᠲᠦᠷᠭᠡᠨ ᠲᠡᠭᠦᠯᠳᠡᠷᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠤ ᠢᠯᠡᠷᠬᠡᠶᠢᠯᠡᠪᠡ᠃    
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号