| | ᠤᠶᠢᠷ᠎ᠠ ᠳᠤ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠯᠭᠠᠰᠤᠨ ᠤ | ᠵᠠᠩᠬᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠪᠠᠶᠢᠳᠠᠯ ᠢ | ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠪᠠᠯᠭᠠᠰᠤᠨ ᠤ | ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ︽ᠡᠮᠦᠨ᠎ᠡ ᠨᠢ ᠶᠠᠪᠤᠬᠤ︾ ᠶᠢ ᠪᠠᠲᠤᠯᠠᠵᠤ᠂ | ᠦᠨᠳᠦᠰᠦᠨ ᠱᠠᠲᠤᠨ ᠤ ᠵᠠᠷᠢᠮ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ | ᠪᠠᠲᠤ ᠶᠢᠨ ᠲᠠᠯ᠎ᠠ ᠪᠠᠷ ᠣᠶᠢᠯᠠᠭᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠬᠦ ᠳᠤ | ᠭᠤᠣᠯᠳᠠᠯᠭ᠎ᠠ ᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ | ᠪᠠᠲᠤ ᠪᠤᠢ ᠪᠣᠯᠭᠠᠵᠤ᠂ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ | ᠴᠤᠬᠴᠠᠵᠢᠭᠤᠯᠤᠨ ᠪᠠᠶᠢᠷᠢᠯᠠᠭᠤᠯᠵᠤ᠂ ᠨᠢᠭᠡ ᠴᠤᠬᠴᠠᠵᠢᠭᠤᠯᠤᠨ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ | ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ ᠶᠠᠪᠤᠴᠠ ᠶᠢ ᠬᠠᠮᠤᠭ ᠤᠨ ᠶᠡᠭᠡ ᠬᠡᠮᠵᠢᠶ᠎ᠡ ᠪᠠᠷ | ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠺᠠᠳ᠋ᠷ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠪᠠ | ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠵᠦ᠂ ᠮᠠᠯᠴᠢᠨ ᠲᠠᠷᠢᠶᠠᠴᠢᠨ ᠲᠦᠮᠡᠨ ᠳᠤ ᠪᠣᠳᠠᠲᠠᠶ | ᠠᠵᠢᠯ ᠬᠢᠵᠦ ᠥᠭᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠠᠯᠪᠢᠬᠤ ᠬᠡᠷᠡᠭᠲᠡᠶ᠃ ᠦᠨᠡᠨ ᠠᠴᠠ ᠵᠥᠪ ᠢ | ᠡᠷᠢᠬᠦ ᠶᠢ ᠴᠢᠬᠤᠯᠠᠴᠢᠯᠠᠵᠤ᠂ ᠠᠰᠠᠭᠤᠳᠠᠯ ᠤᠨ ᠰᠦᠪᠡᠭᠴᠢ ᠶᠢ ᠪᠦᠬᠦ ᠲᠠᠯ᠎ᠠ ᠪᠠᠷ ᠲᠦᠢᠯᠪᠤᠷᠢᠲᠠᠢ ᠪᠠᠶᠢᠴᠠᠭᠠᠵᠤ᠂ | ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠳᠤ ᠰᠢᠭᠤᠳ ᠬᠠᠨᠳᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠠᠢ ᠪᠦᠲᠦᠮᠵᠢᠲᠡᠢ ᠵᠣᠯᠭᠠᠭᠤᠯᠬᠤ | ᠬᠡᠷᠡᠭᠲᠡᠢ᠃ ᠭᠤᠷᠪᠠᠨ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠰᠠᠶᠢᠨ ᠲᠤᠷᠰᠢᠯᠭ᠎ᠠ ᠰᠠᠶᠢᠨ | ᠠᠷᠭ᠎ᠠ ᠬᠢᠳᠡᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠬᠡᠷᠡᠭᠲᠡᠶ ᠭᠡᠵᠤ ᠴᠢᠬᠤᠯᠠᠴᠢᠯᠠᠪᠠ᠃ |