ᠥᠷᠭᠡᠨ ᠢᠶᠠᠷ ᠬᠠᠮᠤᠷᠴᠤ᠂ ᠠᠷᠠᠳ ᠲᠤ ᠠᠰᠢᠭ ᠬᠦᠷᠲᠡᠭᠡᠵᠦ᠂ ᠲᠥᠪ ᠭᠤᠣᠯᠴᠢ ᠦᠨᠡᠨᠴᠢ ᠢᠲᠡᠭᠡᠮᠵᠢᠲᠡᠢ᠂ ᠯᠠᠪᠳᠠᠭᠤᠨ ᠪᠠᠲᠤᠲᠠᠢ ᠪᠠᠷ ᠠᠵᠢᠯᠯᠠᠭᠤᠯᠬᠤ — ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠳᠠᠢ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠠᠰᠢᠭ ᠢ ᠨᠡᠮᠡᠷᠢᠯᠡᠪᠡ
ᠨᠡᠶᠢᠲᠡᠯᠡᠭᠰᠡᠨ ᠴᠠᠭ᠄
2024/6/17
    ᠲᠦᠭᠡᠮᠡᠯ ᠬᠠᠷᠠᠭᠠᠯᠵᠠᠯᠲᠤ ᠳᠠᠭᠠᠳᠬᠠᠯ ᠪᠣᠯ ᠳᠤᠮᠳᠠᠳᠤ ᠤᠯᠤᠰ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠴᠢᠬᠤᠯᠠ ᠪᠦᠷᠢᠯᠳᠦᠬᠦᠨ ᠬᠡᠰᠡᠭ ᠮᠥᠨ᠃ ᠡᠮᠦᠨᠡᠬᠡᠨ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵︽ᠰᠠᠨᠠᠯ︾ ᠭᠡᠵᠦ ᠲᠣᠪᠴᠢᠯᠠᠨ᠎ᠠ︶ ᠢ ᠨᠡᠶᠢᠳᠡᠯᠡᠵᠤ ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠷᠢᠮ ᠲᠣᠭᠲᠠᠭᠠᠯ ᠢ ᠬᠦᠴᠦᠯᠡᠨ ᠲᠡᠭᠦᠯᠳᠡᠷᠵᠢᠭᠦᠯᠬᠦ ᠶᠢᠨ ᠬᠠᠮᠲᠤ ᠬᠦᠴᠦᠲᠡᠶ ᠲᠥᠷᠥ ᠶᠢᠨ ᠪᠣᠳᠣᠯᠭ᠎ᠠ ᠪᠠᠷ ᠳᠡᠮᠵᠢᠵᠦ᠂ ᠳᠠᠭᠠᠳᠬᠠᠯ ᠤᠨ ᠦᠢᠯᠡᠰ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠡᠵᠡᠩᠨᠡᠯᠲᠡ ᠶᠢᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃      ᠠᠷᠠᠳ ᠢᠷᠭᠡᠳ ᠤᠨ ︽ᠣᠯᠵᠤ ᠬᠤᠳᠠᠯᠳᠤᠨ ᠠᠪᠬᠤ︾ ︽ᠬᠤᠳᠠᠯᠳᠤᠨ ᠠᠪᠴᠤ ᠲᠠᠶᠢᠯᠬᠦ︾ ᠶᠢ ᠦᠨᠡᠨ ᠬᠦ ᠪᠠᠲᠤᠯᠠᠨ᠎ᠠ       ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠨᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠬᠠᠶᠢᠯᠠᠭᠰᠠᠨ ᠠᠵᠢᠯ ᠢᠶᠠᠨ ᠢᠳᠡᠪᠬᠢᠲᠡᠶ ᠥᠷᠨᠢᠭᠦᠯᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠭᠦᠨᠵᠡᠬᠡᠶᠢᠷᠡᠬᠦᠯᠤᠨ᠂ ᠦᠢᠯᠡᠳᠬᠦᠨ ᠤ ᠲᠥᠷᠥᠯ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠨᠡᠶᠢᠭᠡᠮ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠭᠡᠭᠰᠡᠨ ᠠᠴᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠪᠦᠬᠦᠯᠢ ᠴᠣᠭᠴᠠ ᠲᠣᠭᠲᠠᠭᠤᠨ ᠢᠶᠠᠷ ᠬᠥᠭᠵᠢᠬᠦ ᠬᠠᠨᠳᠤᠰᠢ ᠲᠠᠢ ᠪᠣᠯᠵᠠᠶ᠃ ᠭᠡᠪᠡᠴᠦ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠦᠢᠯᠡᠴᠢᠯᠡᠭᠡᠨ ᠤ ᠥᠷᠭᠡᠴᠡ ᠬᠦᠷᠦᠯᠴᠡᠬᠦ ᠥᠬᠡᠶ᠂ ᠶᠠᠰᠤ ᠴᠢᠨᠠᠷ ᠰᠠᠶᠢᠨ ᠪᠢᠰᠢ᠂ ᠰᠢᠨ᠎ᠡ ᠶᠢ ᠡᠭᠦᠳᠬᠦ ᠪᠠᠷ ᠭᠦᠢᠴᠡᠳ ᠪᠣᠰᠤ ᠵᠡᠷᠭᠡ ᠠᠰᠠᠭᠤᠳᠠᠯ ᠤᠳ ᠮᠥᠨ ᠬᠦ ᠣᠷᠣᠰᠢᠵᠤ ᠪᠠᠶᠢᠨ᠎ᠠ ᠭᠡᠵᠡᠢ᠃      ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠰᠠᠨᠠᠯ︾ ᠳᠤ ᠬᠡᠳᠦᠨ ᠦᠨᠳᠦᠰᠦᠨ ᠵᠠᠷᠴᠢᠮ ᠢ ᠲᠤᠳᠤᠷᠬᠠᠶᠢᠯᠠᠪᠠ᠄       ᠥᠷᠭᠡᠨ ᠬᠡᠪᠴᠢᠶ᠎ᠡ ᠪᠠᠷ ᠬᠠᠮᠤᠷᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠪᠣᠯᠤᠮᠵᠢᠲᠤ ᠴᠢᠨᠠᠷ ᠢ ᠳᠡᠭᠡᠭᠰᠢᠯᠡᠭᠦᠯᠦᠨ᠎ᠡ᠃ ᠳᠠᠭᠠᠳᠬᠠᠯ ᠤᠨ ᠦᠢᠯᠡᠳᠬᠦᠨ ᠢ ᠪᠠᠷᠢᠮᠵᠢᠶᠠᠵᠢᠭᠤᠯᠬᠤ᠂ ᠬᠢᠯᠪᠠᠷᠵᠢᠭᠤᠯᠬᠤ᠂ ᠳᠥᠭᠦᠮᠴᠢᠯᠡᠬᠦ ᠶᠢ ᠠᠬᠢᠭᠤᠯᠵᠤ᠂ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠂ ᠠᠷᠠᠳ ᠣᠯᠠᠨ ᠤ ᠳᠠᠭᠠᠳᠬᠠᠯ ᠢ ︽ᠣᠯᠵᠤ ᠬᠤᠳᠠᠯᠳᠤᠨ ᠠᠪᠬᠤ︾ ᠶᠢ ᠦᠨᠡᠨ ᠬᠦ ᠪᠠᠲᠤᠯᠠᠨ᠎ᠠ᠃      ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠡᠭᠦᠷᠭᠡᠯᠡᠵᠦ ᠪᠤᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠬᠦᠮᠦᠰ ᠲᠤ ᠬᠢ ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ᠂ ᠡᠬᠢ ᠪᠠᠶᠠᠯᠢᠭ ᠤᠨ ᠬᠡᠯᠪᠡᠶᠢᠯᠳᠡ ᠶᠢ ᠡᠷᠴᠢᠮᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠷᠠᠭᠤᠯᠵᠤ᠂ ᠡᠵᠡᠩᠨᠡᠯᠲᠡ ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠳ ᠣᠯᠠᠨ ᠤ ᠳᠠᠭᠠᠳᠬᠠᠯ ︽ᠬᠤᠳᠠᠯᠳᠤᠨ ᠠᠪᠴᠤ ᠲᠡᠶᠢᠯᠬᠦ︾ ᠶᠢ ᠦᠨᠡᠨ ᠬᠦ ᠪᠠᠲᠤᠯᠠᠨ᠎ᠠ᠃ᠲᠥᠪ ᠭᠤᠣᠯᠴᠢ ᠦᠨᠡᠨᠴᠢ ᠢᠲᠡᠭᠡᠮᠵᠢᠲᠡᠢ ᠪᠠᠶᠢᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠳᠬᠦᠨ ᠤ ᠪᠠᠲᠤᠯᠠᠭ᠎ᠠ ᠶᠢᠨ ᠰᠢᠨᠵᠢ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠨᠡᠶᠢᠳᠡ ᠶᠢᠨ ᠳᠠᠭᠠᠳᠬᠠᠯ ᠤᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠭᠡᠷ᠎ᠡ ᠶᠢᠨ ᠵᠣᠷᠢᠭ ᠰᠠᠨᠠᠭ᠎ᠠ ᠪᠠ ᠦᠨᠡᠨᠴᠢ ᠢᠲᠡᠭᠡᠮᠵᠢ ᠶᠢᠨ ᠰᠣᠶᠣᠯ ᠢ ᠪᠤᠶᠢᠵᠢᠭᠤᠯᠬᠤ ᠬᠡᠷᠡᠭᠲᠡᠶ᠃ ᠲᠦᠯᠦᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠰᠠᠶᠢᠵᠢᠷᠠᠭᠤᠯᠵᠤ᠂ ᠬᠠᠤᠯᠢ ᠲᠣᠭᠲᠠᠭᠠᠯ ᠳᠤ ᠨᠡᠶᠢᠴᠡᠭᠰᠡᠨ ︽ᠲᠦᠯᠦᠪᠦᠷᠢ ᠳᠤ ᠬᠠᠨᠤᠮᠵᠢᠲᠠᠢ ᠪᠠᠶᠢᠬᠤ︾ ᠶᠢ ᠦᠨᠡᠨ ᠬᠦ ᠠᠬᠢᠭᠤᠯᠤᠨ᠎ᠠ᠃      ᠯᠠᠪᠳᠠᠭᠤᠨ ᠪᠠᠲᠤᠲᠠᠢ ᠪᠠᠷ ᠠᠵᠢᠯᠯᠠᠭᠤᠯᠬᠤ ᠶᠢ ᠪᠠᠷᠢᠮᠲᠠᠯᠠᠵᠤ᠂ ᠳᠠᠭᠠᠳᠬᠠᠯ ᠤᠨ ᠡᠵᠡᠩᠨᠡᠯᠲᠡ ᠶᠢᠨ ᠦᠷᠬᠦᠯᠵᠢᠯᠡᠬᠦᠶᠢᠴᠡ ᠴᠢᠨᠠᠷ ᠢ ᠳᠡᠭᠡᠭᠰᠢᠯᠡᠭᠦᠯᠦᠨ᠎ᠡ᠃ ᠳᠠᠭᠠᠳᠬᠠᠯ ᠤᠨ ᠡᠵᠡᠩᠨᠡᠯᠲᠡ ᠶᠢᠨ ᠵᠢᠮ᠎ᠡ ᠶᠣᠰᠣ ᠶᠢ ᠡᠵᠡᠮᠳᠡᠵᠦ ᠂ ᠦᠢᠯᠡᠳᠬᠦᠨ ᠤ ᠦᠨ᠎ᠡ ᠲᠣᠭᠲᠠᠭᠠᠵᠤ ᠡᠭᠡᠭᠦᠯᠦᠨ ᠮᠥᠷᠳᠡᠬᠦ ᠵᠠᠳᠠᠯᠤᠯᠲᠠ ᠶᠢ ᠴᠢᠩᠭᠠᠷᠠᠭᠤᠯᠵᠤ᠂ ᠤᠷᠲᠤ ᠬᠤᠭᠤᠴᠠᠭᠠᠨ ᠤ ᠦᠶᠡᠯᠡᠯ ᠤᠨ ᠦᠨᠡᠯᠡᠨ ᠵᠢᠱᠢᠵᠤ ᠬᠢᠨᠠᠨ ᠰᠢᠯᠭᠠᠬᠤ ᠶᠢ ᠡᠷᠴᠢᠮᠵᠢᠭᠦᠯᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠣᠷᠳᠣ ᠬᠤᠭᠤᠴᠠᠭᠠᠨ ᠤ ᠡᠷᠡᠭᠦᠯ ᠬᠥᠭᠵᠢᠯᠲᠡ ᠶᠢ ᠠᠬᠢᠭᠤᠯᠤᠨ᠎ᠠ᠃      ᠲᠥᠪ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠳᠠᠭᠠᠳᠬᠠᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠲᠤᠤ ᠼᠦᠨ ᠸᠧᠨ ᠲᠣᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ︽ᠰᠠᠨᠠᠯ︾ ᠤᠨ ᠨᠡᠶᠢᠳᠡᠯᠡᠭᠳᠡᠭᠰᠡᠨ ᠨᠢ ᠲᠥᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠳᠠᠬᠢ ᠴᠢᠬᠤᠯᠠ ᠪᠠᠶ᠋ᠢᠷᠢ ᠰᠠᠭᠤᠷᠢ ᠶᠢ ᠢᠯᠡᠷᠡᠭᠦᠯᠪᠡ᠃ ︽ᠰᠠᠨᠠᠯ︾ ᠳᠤ ᠳᠤᠷᠠᠳᠤᠭᠰᠠᠨ ᠵᠠᠷᠴᠢᠮ᠂ ᠬᠠᠷᠠᠯᠲᠠ᠂ ᠠᠷᠭ᠎ᠠ ᠬᠡᠮᠵᠢᠶ᠎ᠡ ᠨᠢ ᠥᠩᠭᠡᠷᠡᠭᠰᠡᠨ ᠤ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠷᠰᠢᠯᠲᠠ ᠶᠢᠨ ᠶᠠᠪᠤᠴᠠ ᠳᠠᠬᠢ ᠲᠤᠷᠰᠢᠯᠭ᠎ᠠ ᠨᠤᠭᠤᠳ ᠢ ᠰᠢᠰᠲ᠋ᠧᠮ ᠲᠠᠢ ᠳ᠋ᠦᠩᠨᠡᠨ ᠰᠢᠩᠭᠡᠭᠡᠨ ᠠᠪᠴᠤ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠳᠠᠢ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠠᠰᠢᠭ ᠨᠡᠮᠡᠷᠢᠯᠡᠭᠰᠡᠨ ᠪᠠᠶᠢᠨ᠎ᠠ ᠭᠡᠵᠡᠢ᠃     ᠲᠦᠭᠰᠢᠭᠦᠷᠢ ᠠᠴᠠ ᠪᠠᠲᠤᠯᠠᠬᠤ ᠬᠠᠮᠤᠷᠬᠤ ᠬᠡᠪᠴᠢᠶ᠎ᠡ ᠶᠢ ᠥᠷᠭᠡᠳᠭᠡᠨ᠎ᠡ     ᠪᠣᠳᠠᠲᠠᠶ ᠪᠠᠶᠢᠳᠠᠯ ᠠᠴᠠ ᠦᠵᠡᠪᠡᠯ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ ᠪᠣᠯ ︽ᠰᠠᠨᠠᠯ︾ ᠤᠨ ᠴᠢᠬᠤᠯᠠ ᠦᠵᠡᠴᠡ ᠪᠣᠯᠤᠨ᠎ᠠ᠃      ᠣᠨᠴᠠᠭᠠᠢ ᠲᠣᠭᠲᠠᠭᠠᠭᠰᠠᠨ ᠬᠠᠮᠲᠤᠯᠢᠭ ᠲᠤ ᠳᠠᠭᠠᠳᠬᠠᠯ ᠤᠨ ᠪᠠᠲᠤᠯᠠᠭ᠎ᠠ ᠬᠠᠩᠭᠠᠬᠤ ᠪᠠᠨ ᠡᠷᠴᠢᠮᠵᠢᠭᠦᠯᠬᠦ ᠲᠠᠯ᠎ᠠ ᠪᠠᠷ᠂ ︽ᠰᠠᠨᠠᠯ︾ ᠳᠤ ︽ᠨᠠᠰᠤᠳᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠳᠥᠯᠥᠬᠦ ᠴᠢᠳᠠᠪᠤᠷᠢ ᠳᠤ ᠳᠣᠭᠢᠷᠠᠬᠤ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ ᠪᠠ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠬᠦᠨ ᠢ ᠶᠡᠭᠡ ᠪᠠᠷ ᠬᠥᠭᠵᠢᠭᠦᠯᠬᠦ︾ ︽ ᠡᠮᠡᠭᠳᠡᠶᠢᠴᠤᠳ ᠤᠨ ︿ᠬᠤᠶᠠᠷ ᠥᠮᠡᠨ﹀᠂ ᠬᠡᠤᠬᠡᠳ ᠤᠨ ᠲᠥᠷᠥᠯᠬᠢ ᠴᠢᠨᠠᠷᠲᠠᠶ᠂ ᠬᠤᠪᠣᠷ ᠲᠣᠬᠢᠶᠠᠯᠳᠤᠬᠤ ᠡᠪᠡᠳᠴᠢᠨ ᠵᠡᠷᠭᠡ ᠶᠢᠨ ᠳᠠᠭᠠᠳᠬᠠᠯ ᠤᠨ ᠪᠠᠲᠤᠯᠠᠭ᠎ᠠ ᠶᠢ ᠴᠢᠩᠭᠠᠳᠬᠠᠬᠤ︾ ᠵᠡᠷᠭᠡ ᠠᠷᠭ᠎ᠠ ᠬᠡᠮᠵᠢᠶ᠎ᠡ ᠶᠢ ᠳᠤᠷᠠᠳᠤᠭᠰᠠᠨ ᠢᠶᠠᠷ ᠪᠠᠷᠠᠬᠤ ᠥᠬᠡᠶ᠂ ᠪᠠᠰᠠ ᠪᠠᠷᠢᠯᠭ᠎ᠠ ᠶᠢᠨ ᠠᠵᠢᠯᠴᠢᠨ᠂ ᠲᠦᠷᠭᠡᠨ ᠬᠦᠷᠭᠡᠯᠲᠡ ᠶᠢᠨ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ᠂ ᠪᠠᠷᠠᠭᠠᠨ ᠲᠡᠷᠭᠡᠨ ᠤ ᠵᠢᠯᠣᠭᠤᠴᠢ᠂ ᠰᠦᠯᠵᠢᠶᠡᠨ ᠤ ᠳᠡᠯᠭᠡᠭᠦᠷ ᠤᠨ ᠡᠵᠡᠩᠨᠡᠭᠴᠢ ᠵᠡᠷᠭᠡ ᠬᠤᠲᠠ ᠶᠢᠨ ᠰᠢᠨ᠎ᠡ ᠠᠷᠠᠳ ᠤᠨ ᠬᠠᠮᠲᠤᠯᠢᠭ ᠪᠠ ᠠᠮᠢᠳᠤᠯᠢᠭ ᠢᠶᠠᠷ ᠠᠵᠢᠯ ᠣᠯᠤᠭᠰᠠᠳ ᠲᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠴᠠᠩᠭᠤᠶ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠬᠦ ᠶᠢ ᠳᠤᠷᠠᠳᠤᠨ ᠭᠠᠷᠭᠠᠪᠠ᠃      ᠭᠤᠤᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠠᠴᠠ ᠪᠠᠲᠤᠯᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ᠂ ︽ᠰᠠᠨᠠᠯ︾ ᠳᠤ ︽ᠣᠷᠣᠯᠭ᠎ᠠ ᠶᠢᠨ ᠳᠠᠭᠠᠳᠬᠠᠯ ᠪᠠ ᠠᠭᠤᠷ ᠠᠮᠢᠰᠬᠤᠯ ᠤᠨ ᠵᠢᠭᠠᠯᠲᠠ ᠲᠣᠭᠠᠨ ᠤ ᠳᠠᠭᠠᠳᠬᠠᠯ ᠳᠤ ᠰᠢᠨ᠎ᠡ ᠶᠢ ᠡᠭᠦᠳᠦᠨ ᠬᠥᠭᠵᠢᠭᠦᠯᠬᠦ︾ ︽ᠳᠠᠭᠠᠳᠬᠠᠯ ᠳᠤ ᠣᠷᠣᠯᠴᠠᠬᠤ ᠳᠤ ᠳᠥᠭᠦᠮ᠂ ᠰᠦᠢᠳᠬᠡᠯ ᠲᠤᠰᠢᠶᠠᠬᠤ ᠳᠤ ᠠᠮᠢᠳᠤᠯᠢᠭ᠂ ᠠᠰᠢᠭ ᠣᠷᠣᠯᠭ᠎ᠠ ᠯᠠᠪᠳᠠᠭᠤᠨ᠂ ᠬᠡᠯᠪᠡᠷᠢ ᠮᠠᠶᠢᠭ ᠣᠯᠠᠨ ᠶᠠᠩᠵᠤ ᠶᠢᠨ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠣᠨ ᠤ ᠮᠥᠩᠭᠦ ᠶᠢᠨ ᠦᠢᠯᠡᠳᠬᠦᠨ︾ ︽ᠡᠮᠴᠢᠯᠡᠭᠡᠨ ᠤ ᠬᠠᠷᠢᠭᠤᠴᠠᠯᠭ᠎ᠠ᠂ ᠡᠮᠴᠢᠯᠡᠭᠡᠨ ᠤ ᠠᠳᠡᠯ ᠪᠠ ᠸᠠᠺᠼᠢᠨ ᠤ ᠲᠠᠷᠢᠯᠭ᠎ᠠ ᠬᠢᠬᠦ ᠵᠡᠷᠭᠡ ᠬᠤᠯᠪᠣᠭᠳᠠᠯ ᠪᠥᠬᠦᠶ ᠳᠠᠭᠠᠳᠬᠠᠯ ᠢ ᠢᠳᠡᠪᠬᠢᠲᠡᠶ ᠬᠥᠭᠵᠢᠭᠦᠯᠬᠦ︾ ᠵᠡᠷᠭᠡ ᠠᠷᠭ᠎ᠠ ᠬᠡᠮᠵᠢᠶ᠎ᠡ ᠶᠢ ᠳᠤᠷᠠᠳᠪᠠ᠃ ᠡᠭᠦᠨ ᠤ ᠬᠠᠮᠲᠤ᠂ ︽ᠰᠠᠨᠠᠯ︾ ᠳᠤ ᠬᠥᠳᠡᠭᠡ ᠲᠣᠰᠬᠤᠨ ᠪᠠ ᠬᠢᠯᠢ ᠬᠢᠵᠠᠭᠠᠷ ᠣᠷᠣᠨ ᠤ ᠣᠯᠠᠨ ᠲᠦᠮᠡᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ ᠵᠡᠷᠭᠡ ᠶᠢᠨ ᠪᠣᠳᠠᠲᠤ ᠪᠠᠶᠢᠳᠠᠯ ᠪᠠ ᠳᠠᠭᠠᠳᠬᠠᠯ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ᠂ ᠡᠷᠡᠭᠦᠯ ᠮᠡᠨᠳᠦ ᠶᠢᠨ ᠳᠠᠭᠠᠳᠬᠠᠯ᠂ ᠲᠣᠭᠲᠠᠮᠠᠯ ᠬᠤᠭᠤᠴᠠᠭᠠᠲᠤ ᠠᠮᠢ ᠨᠠᠰᠤᠨ ᠤ ᠳᠠᠭᠠᠳᠬᠠᠯ᠂ ᠬᠡᠷ ᠪᠦᠯᠢ ᠶᠢᠨ ᠡᠳ᠋ ᠬᠥᠷᠥᠩᠭᠡ ᠶᠢᠨ ᠳᠠᠭᠠᠳᠬᠠᠯ ᠵᠡᠷᠭᠡ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠰᠠᠨᠠᠭᠠᠴᠢᠯᠠᠪᠠ᠃      ︽ᠳᠠᠭᠠᠳᠬᠠᠯ ᠨᠢ ︿ᠠᠵᠤ ᠠᠬᠤᠶ ᠶᠢᠨ ᠳᠣᠷᠭᠢᠯᠲᠠ ᠶᠢ ᠪᠠᠭᠠᠰᠬᠠᠬᠤ﹀ ᠪᠠ ︿ᠨᠡᠶᠢᠭᠡᠮ ᠤᠨ ᠪᠠᠶᠢᠳᠠᠯ ᠢ ᠲᠣᠭᠲᠠᠪᠤᠷᠢᠵᠢᠭᠤᠯᠬᠤ﹀ ᠴᠢᠳᠠᠮᠵᠢ ᠲᠠᠢ ᠪᠠᠶᠢᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠬᠤᠯᠠ ᠬᠦᠴᠦᠨ ᠪᠣᠯᠤᠨ᠎ᠠ᠃ ᠤᠲᠤᠬᠠᠨ ᠳᠤ ᠳᠤᠮᠲᠠᠲᠦ ᠤᠯᠤᠰ ᠤᠨ ᠲᠠᠭᠠᠳᠬᠠᠯ ᠤᠨ ᠦᠢᠯᠡᠰ ᠳᠦᠷᠬᠡᠨ ᠲᠠᠪᠰᠢᠭᠰᠠᠨ ᠪᠤᠯᠪᠠᠴᠦ ᠲᠠᠭᠠᠳᠬᠠᠯ ᠤᠨ ᠭᠦᠨᠴᠡ ᠪᠠ ᠨᠢᠭᠲᠠᠴᠠ ᠶᠢᠨ ᠬᠡᠮᠵᠢᠶ᠎ᠡ ᠶᠢ ᠲᠡᠬᠡᠭᠰᠢᠯᠡᠭᠦᠯᠭᠦ ᠴᠢᠬᠤᠯᠠᠲᠠᠢ ᠪᠠᠶ᠋ᠢᠨ᠎ᠠ᠃ ᠡᠨᠡ ᠬᠦ ᠠᠬᠤᠶ ᠪᠠᠶᠢᠳᠠᠯ ᠳᠤ᠂ ︽ᠰᠠᠨᠠᠯ︾ ᠳᠠᠬᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠵᠠᠷᠴᠢᠮ ᠪᠠ ᠬᠠᠷᠠᠯᠲᠠ ᠶᠢ ᠲᠠᠷᠤᠶᠢᠬᠠᠨ  ᠲᠤᠳᠤᠷᠬᠠᠶᠢᠯᠠᠬᠤ ᠪᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠬᠦ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ ᠠᠪᠬᠤ ᠨᠢ ᠲᠦᠢᠯ ᠤᠨ ᠴᠢᠬᠤᠯᠠᠲᠠᠶ ᠶᠤᠮ᠃︾ ᠮᠥᠩᠭᠦᠨ ᠭᠦᠢᠯᠭᠡᠭᠡᠨ ᠤ ᠲᠡᠷᠢᠭᠦᠨ ᠰᠤᠳᠤᠯᠤᠭᠴᠢ ᠳ᠋ᠦᠩ ᠰᠢ ᠮᠢᠶᠣᠣ ᠲᠤᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ᠪᠣᠳᠠᠲᠠᠢ ᠠᠷᠭ᠎ᠠ ᠬᠡᠮᠵᠢᠶ᠎ᠡ ᠠᠴᠠ ᠦᠵᠡᠪᠡᠯ᠂ ︽ᠰᠠᠨᠠᠯ︾ ᠨᠢ ᠳᠠᠭᠠᠳᠬᠠᠯ ᠤᠨ ᠦᠢᠯᠡᠳᠬᠦᠨ ᠤ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠳᠤ ᠠᠰᠢᠭᠲᠠᠢ ᠭᠡᠵᠡᠢ᠃ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠯᠠᠪᠳᠠᠭᠤᠨ ᠪᠠᠲᠤᠲᠠᠶ ᠳᠡᠭᠡᠭᠰᠢᠯᠡᠭᠦᠯᠦᠨ᠎ᠡ      ᠢᠷᠡᠭᠡᠳᠦᠶ ᠶᠢᠨ ᠲᠠᠪᠤᠨ ᠵᠢᠯ ᠳᠤ᠂ ᠴᠢᠨᠠᠷ ᠰᠠᠶᠢᠳᠠᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠤᠨ᠎ᠠ᠃ ᠡᠨᠡ ᠪᠣᠯ ︽ᠰᠠᠨᠠᠯ︾ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠳᠤᠷᠠᠳᠤᠭᠰᠠᠨ ᠲᠣᠳᠣᠷᠬᠠᠶ ᠬᠠᠷᠠᠯᠲᠠ ᠮᠥᠨ᠃ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠬᠦ ᠳᠤ ᠪᠠᠨ᠂ ᠳᠠᠭᠠᠳᠬᠠᠯ ᠤᠨ ᠺᠣᠮᠫᠠᠨᠢ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠣᠰ ᠪᠡᠶ᠎ᠡ ᠶᠢᠨ ᠡᠵᠡᠩᠨᠡᠯᠲᠡ ᠶᠢᠨ ᠣᠨᠴᠠᠯᠢᠭ ᠪᠠ ᠳᠠᠪᠠᠭᠤᠯᠢᠭ ᠲᠤ ᠪᠠᠨ ᠰᠠᠭᠤᠷᠢᠯᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠢᠳᠡᠪᠬᠢᠲᠡᠶ ᠣᠷᠣᠯᠴᠠᠬᠤ ᠪᠠ ᠠᠬᠢᠭᠤᠯᠬᠤ ᠬᠡᠷᠡᠭᠲᠡᠶ ᠭᠡᠵᠡᠶ᠃ᠡᠮᠦᠨᠡᠬᠡᠨ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠶᠡᠷᠦᠩᠬᠡᠢ ᠬᠡᠪᠴᠢᠶ᠎ᠡ ᠨᠢ 100 ᠳ᠋ᠦᠩᠰᠢᠭᠤᠷ ᠲᠥᠭᠦᠷᠢᠭ ᠤᠨ᠂ ᠠᠩᠬᠠᠨ ᠤ ᠬᠤᠭᠤᠴᠠᠭ᠎ᠠ ᠳᠤ 50 ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ ᠪᠤᠭᠤᠷᠤᠯᠴᠤᠳ ᠤᠨ ᠠᠵᠤ ᠠᠬᠤᠶ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢ ᠡᠬᠢᠯᠡᠨ  ᠪᠠᠶᠢᠭᠤᠯᠵᠠᠢ᠂ ᠡᠨᠡ ᠨᠢ ᠨᠠᠰᠤᠳᠠᠶᠢᠴᠤᠳ ᠲᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ ᠶᠤᠮ᠃ 2023 ᠣᠨ ᠤ ᠡᠴᠦᠰ ᠪᠣᠯᠲᠠᠯ᠎ᠠ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠨᠡᠯᠢᠶᠡᠳ ᠴᠢᠩᠭ᠎ᠠ ᠨᠠᠰᠤᠵᠢᠯ ᠤᠨ ᠠᠰᠠᠷᠠᠮᠵᠢ ᠶᠢᠨ ᠰᠢᠨᠵᠢ ᠴᠢᠨᠠᠷ ᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠤᠷᠠᠮᠳᠤᠭᠤᠯᠭ᠎ᠠ ᠶᠢᠨ ᠪᠡᠯᠡᠳᠬᠡᠯ ᠮᠥᠩᠭᠦ 1.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠳᠤ ᠨᠠᠰᠤᠳᠠᠶᠢᠴᠤᠳ ᠵᠡᠷᠭᠡ ᠬᠥᠮᠦᠰ ᠤᠨ ᠳᠠᠭᠠᠳᠬᠠᠯ ᠢ ᠳᠠᠭᠠᠭᠠᠭᠰᠠᠨ ᠲᠤᠭ᠎ᠠ 1.6 ᠳ᠋ᠦᠩᠰᠢᠭᠤᠷ ᠬᠥᠮᠦᠨ ᠤᠳᠠᠭ᠎ᠠ ᠳᠤ ᠬᠦᠷᠪᠡ᠃ ︽ᠪᠢᠳᠡ ᠦᠷᠭᠦᠯᠵᠢᠯᠡᠨ ᠨᠡᠩ ᠥᠨᠳᠥᠷ ᠦᠷ᠎ᠡ ᠪᠦᠲᠦᠮᠵᠢ ᠲᠠᠢ᠂ ᠨᠡᠩ ᠳᠣᠣᠷ᠎ᠠ ᠥᠪᠡᠷ ᠤᠨ ᠦᠷᠳᠡᠭ ᠲᠠᠢ᠂ ᠨᠡᠩ ᠪᠦᠲᠦᠮᠵᠢᠲᠡᠢ ᠲᠦᠭᠰᠢᠭᠦᠷᠢ ᠶᠢ ᠰᠡᠷᠭᠡᠶᠢᠯᠡᠬᠦ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠥᠩᠭᠦᠨ ᠭᠦᠢᠯᠭᠡᠭᠡᠨ ᠤ ᠠᠮᠢᠳᠤ ᠬᠦᠴᠦᠨ ᠨᠡᠮᠡᠷᠢᠯᠡᠵᠦ᠂ ᠨᠡᠩ ᠤᠯᠠᠨ ᠪᠥᠭᠡᠳ ᠠᠮᠤᠷ ᠲᠦᠪᠰᠢᠨ ᠴᠢᠨᠠᠷᠲᠠᠢ᠂ ᠠᠰᠢᠭ ᠣᠯᠵᠠᠪᠤᠷᠢ ᠶᠢᠨ ᠴᠢᠨᠠᠷᠲᠠᠢ᠂ ᠭᠦᠢᠯᠭᠡᠭᠡᠨ ᠤ ᠴᠢᠨᠠᠷᠲᠠᠢ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠳᠬᠦᠨ ᠢ ᠡᠭᠡᠯ ᠠᠷᠠᠳ ᠤᠨ ᠭᠡᠷ ᠲᠤ ᠣᠷᠣᠭᠤᠯᠤᠨ᠎ᠠ︾ ᠭᠡᠵᠦ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠠᠢ ᠲᠣᠤ ᠬᠡᠯᠡᠪᠡ᠃     ᠤᠶᠢᠷ᠎ᠠ ᠳᠤ᠂ ᠳᠤᠮᠳᠠᠳᠤ ᠤᠯᠤᠰ ᠤᠨ ᠲᠠᠢ ᠫᠢᠩ ᠶᠠᠩ ᠳᠠᠭᠠᠳᠬᠠᠯ ᠨᠢ ᠱᠠᠩᠬᠠᠢ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠵᠡᠷᠭᠡ ᠨᠢᠭᠡᠴᠢ ᠨᠦᠭᠦᠳ ᠲᠠᠢ ᠬᠠᠮᠲᠤᠷᠠᠨ ᠠᠩᠬᠠᠳᠠᠭᠴᠢ ᠪᠦᠯᠦᠭ 642 ᠲᠣᠮᠣ ᠤᠯᠤᠰ ᠤᠨ ᠳᠠᠷᠬᠠᠨ᠂ ᠱᠠᠩᠬᠠᠢ ᠶᠢᠨ ᠤᠷᠠᠨ ᠳᠠᠷᠬᠠᠨ ᠤ ᠬᠢᠨ ᠳᠤ ︽ᠱᠠᠩᠬᠠᠢ ᠶᠢᠨ ᠭᠡᠷ ᠪᠥᠯᠢ ᠶᠢᠨ ᠳᠠᠭᠠᠳᠬᠠᠯ︾ ᠤᠨ ᠬᠠᠭᠤᠳᠠᠰᠤ ᠶᠢ ᠪᠡᠯᠡᠭᠯᠡᠪᠡ᠃ ᠲᠠᠨᠢᠯᠴᠠᠭᠤᠯᠤᠭᠰᠠᠨ ᠢᠶᠠᠷ᠂ ︽ᠱᠠᠩᠬᠠᠶ ᠶᠢᠨ ᠭᠡᠷ ᠪᠥᠯᠢ ᠶᠢᠨ ᠳᠠᠭᠠᠳᠬᠠᠯ︾ ᠪᠣᠯ ᠱᠠᠩᠬᠠᠶ ᠬᠤᠲᠠ ᠶᠢᠨ ᠠᠷᠠᠳ ᠲᠤ  ᠲᠤᠰᠬᠠᠶᠢᠯᠠᠨ ᠲᠣᠭᠲᠠᠭᠠᠭᠰᠠᠨ ᠠᠩᠬᠠᠳᠠᠭᠴᠢ ᠬᠤᠲᠠ ᠶᠢᠨ ᠲᠦᠭᠡᠮᠡᠯ ᠬᠠᠷᠠᠭᠠᠯᠵᠠᠯᠲᠤ ᠬᠡᠯᠪᠡᠷᠢ ᠶᠢᠨ ᠬᠡᠷ ᠪᠦᠯᠢ ᠶᠢᠨ  ᠶᠡᠷᠤᠩᠬᠡᠶᠢᠯᠡᠭᠰᠡᠨ ᠳᠠᠭᠠᠳᠬᠠᠯ ᠮᠥᠨ᠂ ︽ᠳᠠᠭᠠᠳᠬᠠᠯ + ᠦᠢᠯᠡᠴᠢᠯᠡᠭᠡ︾ ᠶᠢᠨ ᠰᠢᠨ᠎ᠡ ᠶᠢ ᠡᠭᠦᠳᠦᠭᠰᠡᠨ ᠬᠠᠶᠢᠨ ᠰᠦᠪᠡᠭᠴᠢᠯᠡᠯᠲᠡ ᠮᠥᠨ᠂ ᠳᠠᠭᠠᠳᠬᠠᠯ ᠤᠨ ᠬᠠᠭᠤᠳᠠᠰᠤ ᠨᠢᠭᠡᠪᠦᠷᠢ ᠶᠢᠨ ᠶᠡᠷᠦᠩᠬᠡᠶ ᠳᠠᠭᠠᠳᠬᠠᠯ ᠤᠨ ᠲᠤᠭ᠎ᠠ ᠨᠢ 230 ᠲᠦᠮᠡᠨ ᠲᠥᠭᠦᠷᠢᠭ ᠲᠤ ᠬᠦᠷᠴᠡᠶ᠃ ᠡᠭᠦᠨ ᠠᠴᠠ ᠭᠠᠳᠠᠨ᠎ᠠ᠂ ︽ᠱᠠᠩᠬᠠᠶ ᠶᠢᠨ ᠭᠡᠷ ᠪᠥᠯᠢ ᠶᠢᠨ ᠳᠠᠭᠠᠳᠬᠠᠯ︾ ᠨᠢ ᠪᠠᠰᠠ ᠬᠤᠲᠠ ᠶᠢᠨ ᠠᠷᠠᠳ ᠲᠤ ᠬᠠᠤᠯᠢ ᠴᠠᠭᠠᠵᠠ ᠶᠢᠨ ᠯᠠᠪᠯᠠᠭ᠎ᠠ᠂ ᠬᠡᠷ ᠤᠨ ᠴᠠᠬᠢᠯᠭᠠᠨ ᠬᠡᠷᠡᠭᠰᠡᠯ ᠢ ᠤᠬᠢᠶᠠᠵᠤ ᠴᠡᠪᠡᠷᠯᠡᠬᠦ ᠵᠡᠷᠭᠡ ᠠᠮᠢᠳᠤᠷᠠᠯ ᠤᠨ ᠦᠢᠯᠡᠴᠢᠯᠡᠭᠡ ᠬᠠᠩᠭᠠᠪᠠ᠃      ︽ᠳᠠᠷᠠᠭᠠᠴᠢ ᠪᠠᠷ᠂ ᠳᠠᠭᠠᠳᠬᠠᠯ ᠤᠨ ᠦᠢᠯᠡᠰ ︿ᠰᠠᠨᠠᠯ﹀ ᠢ ᠨᠡᠶᠢᠳᠡᠯᠡᠬᠦ ᠪᠠᠷ ᠠᠵᠠ ᠲᠣᠬᠢᠶᠠᠯ ᠪᠣᠯᠭᠠᠵᠤ᠂ ᠨᠠᠩ ᠣᠯᠠᠨ ᠪᠠᠷᠢᠮᠵᠢᠶᠠᠵᠢᠭᠤᠯᠤᠭᠰᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡ ᠶᠢ ᠰᠢᠨ᠎ᠡ ᠪᠠᠷ ᠡᠭᠦᠳᠦᠨ ᠭᠠᠷᠭᠠᠬᠤ ᠶᠢᠨ ᠬᠠᠮᠲᠤ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠢ ᠭᠦᠢᠴᠡᠳ ᠬᠡᠷᠡᠭᠯᠡᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠲᠣᠭᠠᠴᠢᠯᠠᠯᠲᠠ᠂ ᠤᠶᠤᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠨᠡ ᠬᠦ ᠶᠠᠪᠤᠴᠠ ᠳᠤ᠂ ᠳᠠᠭᠠᠳᠬᠠᠯ ᠤᠨ ᠪᠠᠶᠢᠭᠤᠯᠤᠮᠵᠢ ᠪᠠᠰᠠ ᠲᠠᠭᠠᠳᠬᠠᠯ ᠬᠠᠷᠢᠭᠤᠴᠠᠬᠤ᠂  ᠬᠤᠬᠢᠷᠠᠯ ᠢ ᠬᠢᠨᠠᠬᠤ᠂  ᠲᠦᠯᠤᠬᠦ᠂  ᠪᠠᠶᠢᠴᠠᠭᠠᠨ ᠯᠠᠪᠯᠠᠬᠤ ᠵᠡᠷᠭᠡ ᠤᠶᠢᠯᠡᠴᠢᠯᠡᠭᠡᠨ ᠤ ᠲᠦᠬᠦᠮᠴᠢᠯᠡᠯᠳᠡ ᠶᠢᠨ ᠬᠡᠮᠵᠢᠶ᠎ᠡ ᠶᠢ ᠦᠷᠬᠦᠯᠵᠢᠯᠡᠨ ᠴᠢᠷᠮᠠᠶᠢᠨ ᠲᠡᠭᠡᠭᠰᠢᠯᠡᠬᠦᠯᠵᠤ᠂   ︿ᠲᠦᠯᠤᠪᠡᠰᠤ ᠵᠤᠬᠢᠬᠤ ᠶᠢ ᠨᠢ ᠪᠦᠬᠦᠨ ᠶᠢᠨ ᠲᠦᠯᠤᠵᠤ᠂  ᠲᠦᠯᠤᠵᠤ ᠲᠡᠶᠢᠯᠬᠦ ᠶᠢ ᠨᠢ ᠲᠦᠷᠭᠡᠨ ᠲᠦᠯᠤᠬᠦ﹀ ᠶᠢ ᠪᠡᠶᠡᠯᠡᠬᠦᠯᠵᠤ᠂  ᠬᠡᠷᠡᠭᠯᠡᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠦᠨᠡᠨ ᠬᠦ ᠰᠠᠶᠢᠳᠤᠷ ᠬᠠᠮᠠᠭᠠᠯᠠᠨ᠎ᠠ︾ ᠭᠡᠵᠤ ᠳ᠋ᠦᠩ ᠰᠢ ᠮᠢᠶᠤᠤ ᠬᠡᠯᠡᠪᠡ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号