| ᠤᠢᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠪᠠᠶᠢᠭᠠᠯᠢ ᠶᠢᠨ ᠡᠬᠢ | ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠮᠢᠠᠬᠨ | ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ︽ᠵᠠᠩᠭᠢᠯᠠᠭ᠎ᠠ︾ ᠶᠢ ᠴᠢᠩᠭ᠎ᠠ ᠠᠳᠬᠤᠵᠤ᠂ | ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠲᠠᠭᠠᠭᠤᠯᠤᠭᠴᠢ ᠠᠵᠤ ᠠᠬᠤᠶᠢᠯᠠᠯ ᠤᠨ ᠵᠢᠱᠢᠶ᠎ᠡ | ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨᠴᠢᠯᠠᠭᠰᠠᠨ᠂ ᠪᠠᠷᠢᠮᠵᠢᠶᠠᠵᠢᠭᠰᠠᠨ᠂ | ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠦᠪᠰᠢᠨ ᠢ ᠳᠡᠭᠡᠭᠰᠢᠯᠡᠭᠦᠯᠵᠦ ᠪᠤᠢ᠃ | | ᠣᠶᠢᠷ᠎ᠠ ᠳᠤ᠂ ᠪᠠᠶᠠᠨᠵᠢᠯᠠᠭ᠎ᠠ ᠰᠢᠶᠠᠩ ᠮᠢᠠᠬᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠰᠣᠯᠢᠯᠴᠠᠭᠠᠨ ᠤ ᠬᠤᠷᠠᠯ ᠬᠤᠷᠠᠯᠳᠤᠭᠤᠯᠵᠤ᠂ ᠮᠢᠠᠬᠨ ᠦᠬᠡᠷ ᠤᠨ ᠠᠵᠤ ᠦᠢᠯᠡᠰ ᠤᠨ | ᠬᠥᠭᠵᠢᠯᠲᠡ ᠶᠢᠨ ᠰᠢᠨ᠎ᠡ ᠵᠠᠮ ᠢ ᠡᠷᠢᠯᠬᠢᠯᠡᠨ᠂ ᠠᠵᠤ ᠦᠢᠯᠡᠰ ᠤᠨ ᠰᠢᠨ᠎ᠡ ᠪᠠᠶᠢᠷᠢ ᠲᠣᠭᠲᠠᠭᠠᠯᠲᠠ ᠶᠢ | ᠰᠦᠪᠡᠭᠴᠢᠯᠡᠵᠦ᠂ ᠲᠦᠷᠦᠯ ᠵᠦᠢᠯ ᠤᠨ ᠰᠢᠨ᠎ᠡ ᠬᠠᠮᠲᠤᠷᠠᠯᠴᠠᠭ᠎ᠠ ᠶᠢ ᠰᠠᠶᠢᠳᠦᠷ ᠬᠢᠵᠤ ᠪᠠᠶᠢᠨ᠎ᠠ᠃ | ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠰᠣᠯᠢᠯᠴᠠᠭ᠎ᠠ ᠬᠢᠭᠰᠡᠨ ᠨᠢ ᠪᠠᠶᠠᠨᠵᠢᠯᠠᠭ᠎ᠠ ᠰᠢᠶᠠᠩ ᠤᠨ ᠮᠢᠬᠠᠨ | ᠦᠬᠡᠷ ᠲᠡᠵᠢᠭᠡᠨ ᠦᠷᠡᠵᠢᠭᠦᠯᠬᠦ ᠡᠷᠦᠬᠡ ᠶᠢᠨ ᠢᠲᠡᠭᠡᠯ ᠵᠣᠷᠢᠭ ᠢ ᠬᠥᠭᠵᠢᠭᠡᠬᠦ ᠨᠢᠭᠡ ᠵᠦᠢᠯ ᠤᠨ ᠢᠳᠡᠪᠬᠢᠲᠡᠶ ᠠᠷᠭ᠎ᠠ | ᠬᠡᠮᠵᠢᠶ᠎ᠡ ᠪᠤᠯᠤᠭᠰᠠᠨ ᠢᠶᠠᠷ ᠪᠠᠷᠠᠬᠤ ᠦᠭᠡᠢ ᠪᠠᠶᠠᠨᠵᠢᠯᠠᠭ᠎ᠠ ᠰᠢᠶᠠᠩ ᠤᠨ ᠮᠢᠬᠠᠨ ᠦᠬᠡᠷ ᠤᠨ ᠠᠵᠤ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠬᠤ ᠪᠣᠳᠠᠲᠠᠶ ᠵᠢᠷᠤᠭᠯᠠᠯ ᠪᠣᠯᠤᠨ᠎ᠠ᠃ | ᠵᠠᠯᠠᠶᠢᠳ ᠬᠤᠰᠢᠭᠤᠨ ᠤ ᠦᠬᠡᠷ ᠲᠡᠵᠢᠭᠡᠬᠦ ᠲᠣᠮᠣ ᠰᠢᠶᠠᠩ ᠪᠣᠯᠤᠭᠰᠠᠨ ᠤ ᠬᠤᠪᠢ ᠳᠤ᠂ ᠪᠠᠶᠠᠨᠵᠢᠯᠠᠭ᠎ᠠ ᠰᠢᠶᠠᠩ ᠤᠨ | ᠣᠳᠣᠬᠠᠨ ᠤ ᠮᠢᠬᠠᠨ ᠦᠬᠡᠷ ᠤᠨ ᠲᠤᠭ᠎ᠠ 5.5 ᠲᠦᠮᠡ᠂ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ ᠶᠢᠨ ᠪᠥᠲᠥᠭᠡᠨ | ᠪᠠᠶᠢᠭᠤᠯᠤᠯᠲᠠ ᠶᠢᠨ ᠲᠠᠯᠠᠪᠠᠶ 26 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠣ᠂ 50 ᠦᠬᠡᠷ ᠠᠴᠠ | ᠲᠡᠭᠡᠭᠰᠢ ᠲᠡᠵᠢᠭᠡᠨ ᠦᠷᠡᠵᠢᠭᠦᠯᠬᠦ ᠡᠷᠦᠬᠡ 300 ᠭᠠᠷᠤᠶ ᠪᠠᠶᠢᠨ᠎ᠠ᠃ | | | ᠳᠠᠷᠠᠭᠠᠴᠢ ᠶᠢᠨ ᠠᠯᠬᠤᠮ ᠳᠤ᠂ ᠪᠠᠶᠠᠨᠵᠢᠯᠠᠭ᠎ᠠ ᠰᠢᠶᠠᠩ ᠪᠠᠷᠢᠮᠵᠢᠶᠠᠵᠢᠭᠰᠠᠨ ᠬᠡᠪᠴᠢᠶᠡᠵᠢᠭᠰᠡᠨ ᠲᠡᠵᠢᠭᠡᠨ | ᠦᠷᠡᠵᠢᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠬᠢᠷᠲᠤᠯ ᠦᠭᠡᠢ ᠲᠡᠵᠢᠭᠡᠨ ᠦᠷᠡᠵᠢᠭᠦᠯᠬᠦ ᠮᠡᠷᠭᠡᠵᠢᠯ ᠢ | ᠶᠡᠬᠡᠪᠡᠷ ᠳᠡᠯᠭᠡᠷᠡᠭᠦᠯᠤᠨ ᠮᠢᠬᠠᠨ ᠦᠬᠡᠷ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽ᠮᠢᠬᠠᠨ | ᠦᠬᠡᠷ︾ ᠪᠠ ︽ᠦᠬᠡᠷ ᠤᠨ ᠮᠢᠬ᠎ᠠ︾ ᠶᠢᠨ ᠲᠤᠰᠬᠠᠢ ᠲᠦᠷᠦᠯ ᠲᠡᠮᠳᠡᠭ ᠢ ᠡᠭᠦᠳᠴᠦ᠂ ᠮᠢᠬᠠᠨ ᠦᠬᠡᠷ ᠤᠨ ᠠᠵᠤ | ᠦᠢᠯᠡᠰ ᠤᠨ ᠣᠳᠣᠬᠢᠴᠢᠯᠠᠯᠲᠠ ᠶᠢᠨ ᠬᠥᠭᠵᠢᠯᠲᠡ ᠪᠠᠷ ᠳᠠᠮᠵᠢᠨ ᠮᠠᠯ ᠪᠡᠯᠴᠢᠭᠡᠷ ᠤᠨ ᠲᠡᠩᠴᠡᠭᠦᠷᠢ ᠶᠢ ᠪᠡᠶᠡᠯᠡᠭᠦᠯᠵᠦ᠂ | ᠨᠤᠳᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠬᠦ ᠶᠢ ᠤᠯᠠᠮ | ᠴᠢᠨᠠᠭᠰᠢᠳᠠ ᠠᠬᠢᠭᠤᠯᠤᠨ᠎ᠠ᠃ |