ᠪᠠᠳᠠᠷᠠᠬᠤ ᠪᠠᠯᠭᠠᠰᠤ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠶᠢ ᠰᠡᠷᠭᠡᠶᠢᠯᠡᠬᠦ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/6/18
     ᠠᠷᠠᠳ ᠣᠯᠠᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 17 ᠤ ᠡᠳᠦᠷ᠂ ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠠᠯᠪᠠᠨ ᠬᠡᠷ᠂ ᠪᠠᠳᠠᠷᠠᠬᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠪᠤᠯᠤᠨ ᠬᠠᠤᠯᠢ ᠴᠠᠭᠠᠵᠠ ᠶᠢᠨ ᠭᠠᠵᠠᠷ ᠲᠠᠢ ᠬᠠᠮᠲᠤᠷᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠲᠠᠳ ︽ᠴᠤᠭᠯᠠᠭ᠎ᠠ ᠮᠠᠶᠢᠮᠠᠶ ᠶᠢᠨ ᠡᠳᠦᠷ︾ ᠲᠠᠢ ᠤᠶᠠᠯᠳᠤᠭᠤᠯᠤᠨ᠂ ᠴᠤᠭᠯᠠᠭ᠎ᠠ ᠮᠠᠶᠢᠮᠠᠶ ᠶᠢᠨ ᠭᠠᠵᠠᠷ᠂ ᠬᠤᠳᠠᠯᠳᠤᠭᠠᠨ ᠤ ᠳᠡᠯᠭᠡᠭᠦᠷ ᠵᠡᠷᠭᠡ ᠬᠥᠮᠦᠨ ᠬᠠᠷ᠎ᠠ ᠣᠯᠠᠨ ᠴᠤᠭᠯᠠᠷᠠᠬᠤ ᠲᠠᠯᠠᠪᠤᠷ ᠢᠶᠠᠷ ᠭᠦᠨᠵᠡᠭᠡᠶᠢᠷᠡᠨ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠰᠦᠯᠵᠢᠶᠡᠨ ᠤ ᠠᠮᠤᠷ ᠲᠦᠪᠰᠢᠨ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠠᠷᠠᠳ ᠤᠨ ᠵᠢᠭᠡᠯᠡᠯᠭᠡ᠂ ᠬᠡᠷ ᠪᠠᠶᠢᠰᠢᠩ ᠭᠠᠵᠠᠷ ᠬᠥᠷᠥᠩᠭᠡ ᠵᠡᠷᠭᠡ ᠬᠡᠷᠡᠭ ᠣᠯᠠᠨ ᠡᠭᠦᠰᠬᠦ᠂ ᠲᠦᠭᠰᠢᠭᠦᠷᠢ ᠲᠣᠪᠤᠶᠢᠮ᠎ᠠ  ᠬᠦᠷᠢᠶᠡᠨ ᠳᠠᠬᠢ ᠬᠠᠤᠯᠢ ᠪᠤᠰᠤ ᠪᠠᠷ ᠪᠠᠯᠠ ᠴᠤᠭᠯᠠᠭᠤᠯᠬᠤ ᠠᠵᠢᠯᠯᠠᠭ᠎ᠠ ᠶᠢ ᠬᠡᠷᠬᠢᠨ ᠰᠡᠷᠭᠡᠶᠢᠯᠡᠬᠦ᠂ ᠬᠤᠪᠢ ᠬᠥᠮᠦᠨ ᠤ ᠮᠡᠳᠡᠭᠡ ᠵᠠᠩᠭᠢ ᠶᠢ ᠬᠡᠷᠬᠢᠨ ᠬᠠᠮᠠᠭᠠᠯᠠᠬᠤ ᠵᠡᠷᠭᠡ ᠮᠡᠳᠡᠯᠭᠡ ᠶᠢ ᠤᠬᠠᠭᠤᠯᠪᠠ᠃ ᠠᠵᠢᠯᠳᠠᠳ ᠪᠠᠰᠠ ᠬᠠᠤᠯᠢ ᠪᠤᠰᠤ ᠪᠠᠷ ᠪᠠᠯᠠ ᠴᠤᠭᠯᠠᠭᠤᠯᠬᠤ ᠠᠵᠢᠯᠯᠠᠭ᠎ᠠ ᠶᠢᠨ ᠪᠠᠶᠢᠩᠭᠤ ᠲᠣᠬᠢᠶᠠᠯᠳᠤᠬᠤ ᠬᠡᠯᠪᠡᠷᠢ᠂ ᠠᠷᠭ᠎ᠠ ᠪᠠᠷᠢᠯ ᠪᠠ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢᠨ ᠲᠤᠬᠠᠶ ᠲᠠᠶᠢᠯᠤᠮᠵᠢ ᠬᠢᠵᠦ᠂ ᠥᠷᠭᠡᠨ ᠣᠯᠠᠨ ᠲᠦᠮᠡᠨ ᠳᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠭᠦᠨᠵᠡᠭᠡᠶ ᠣᠶᠢᠯᠠᠭᠠᠭᠤᠯᠤᠭᠰᠠᠨ  ᠪᠠᠶᠢᠨ᠎ᠠ᠃
    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 200 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠶ ᠶᠢᠨ ᠲᠠᠯᠠᠪᠤᠷ ᠤᠨ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠯᠲᠠ ᠶᠢ 40 ᠭᠠᠷᠤᠶ ᠬᠥᠮᠦᠨ ᠬᠦᠯᠢᠶᠡᠨ ᠠᠪᠴᠠᠢ᠃ ᠲᠠᠷᠠᠭᠠᠴᠢ ᠶᠢᠨ ᠠᠯᠬᠤᠮ ᠳᠤ᠂ ᠪᠠᠳᠠᠷᠠᠬᠤ ᠪᠠᠯᠭᠠᠰᠤ ᠦᠷᠭᠦᠯᠵᠢᠯᠡᠨ ᠤᠬᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠵᠦ᠂ ᠤᠬᠠᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠᠶᠢᠩᠭᠤ ᠶᠢᠨ ᠤᠬᠠᠭᠤᠯᠭ᠎ᠠ ᠶᠢ ᠦᠷᠭᠦᠯᠵᠢᠯᠡᠨ ᠰᠠᠶᠢᠲᠤᠷ  ᠬᠢᠵᠤ᠂ ᠨᠡᠶᠢᠭᠡᠮ ᠨᠡᠶᠢᠲᠡ ᠳᠤ ᠬᠠᠤᠯᠢ ᠲᠣᠭᠲᠠᠭᠠᠯ ᠶᠣᠰᠣᠭᠠᠷ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠮᠠᠶ᠋ᠢᠭ ᠪᠠ ᠠᠷᠭ᠎ᠠ ᠵᠠᠮ ᠢ ᠢᠳᠡᠪᠬᠢᠲᠡᠶ ᠪᠠᠷ ᠤᠬᠠᠭᠤᠯᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠠᠷᠠᠳ ᠣᠯᠠᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠤᠬᠠᠮᠰᠠᠷ ᠢ ᠤᠯᠠᠨ ᠴᠢᠨᠠᠭᠰᠢᠳᠠ ᠲᠡᠭᠡᠭᠰᠢᠯᠡᠭᠦᠯᠬᠦ ᠪᠤᠯᠤᠨ᠎ᠠ᠃    
 
ᠢᠷᠡᠯᠲᠡ᠄ ᠪᠠᠳᠠᠷᠠᠬᠤ ᠪᠠᠯᠭᠠᠰᠣᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号