ᠵᠠᠯᠠᠶᠢᠳ ᠬᠤᠰᠢᠭᠤ ᠦᠵᠡᠰᠭᠦᠯᠡᠩᠳᠤ ᠭᠤᠶᠤ ᠦᠵᠡᠮᠵᠢ ᠪᠠᠷ ᠢᠶᠠᠨ ᠦᠷᠭᠡᠨ ᠤᠯᠠᠨ ᠵᠢᠭᠤᠯᠴᠢᠯᠠᠭᠴᠢ ᠶᠢ ᠤᠭᠳᠤᠨ᠎ᠠ
ᠨᠡᠶᠢᠲᠡᠯᠡᠭᠰᠡᠨ ᠴᠠᠭ᠄
2024/6/18
       6 ᠰᠠᠷ᠎ᠠ ᠶᠢᠨ 10 ᠤ ᠡᠳᠦᠷ᠂ ᠵᠠᠯᠠᠶᠢᠳ ᠬᠤᠰᠢᠭᠤᠨ ᠤ ᠪᠤᠬᠲᠠ ᠠᠭᠤᠯᠠ ᠶᠢᠨ ᠲᠠᠬᠢᠯᠭ᠎ᠠ ᠶᠢᠨ ᠦᠵᠡᠮᠵᠢ ᠶᠢᠨ ᠤᠷᠤᠨ ᠳᠤ ᠬᠦᠮᠦᠨ ᠤ ᠲᠠᠯᠠᠢ ᠪᠤᠯᠦᠯ᠎ᠠ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠡᠳᠦᠷ ᠢ ᠲᠤᠬᠢᠶᠠᠯᠳᠤᠭᠤᠯᠤᠨ ᠬᠦᠮᠦᠰ ᠨᠠᠶᠢᠵᠢ ᠨᠦᠬᠦᠳ ᠪᠠ ᠭᠡᠷ ᠤᠨ ᠬᠦᠮᠦᠰ ᠲᠠᠢ ᠪᠠᠨ ᠪᠤᠬᠲᠠ ᠠᠭᠤᠯᠠ ᠶᠢᠨ ᠬᠠᠴᠢᠨ ᠰᠣᠨᠢᠨ ᠦᠵᠡᠮᠵᠢ᠂ ᠥᠪᠡᠷᠮᠢᠴᠡ ᠰᠣᠶᠣᠯ ᠤᠨ ᠠᠭᠤᠯᠬᠤᠨ ᠢ ᠤᠶᠢᠯᠠᠭᠠᠬᠰᠠᠨ ᠪᠠᠶᠢᠨ᠎ᠠ᠃     ᠰᠤᠷᠪᠤᠯᠵᠢᠯᠠᠭᠴᠢ ᠦᠳᠡ ᠶᠢᠨ ᠡᠮᠦᠨᠡᠬᠢ 8 ᠴᠠᠭ ᠤᠨ ᠦᠶᠡᠰ ᠢᠶᠠᠷ ᠪᠤᠬᠲᠠ ᠠᠭᠤᠯᠠ ᠶᠢᠨ ᠲᠠᠬᠢᠯᠭ᠎ᠠ ᠶᠢᠨ ᠦᠵᠡᠮᠵᠢ ᠶᠢᠨ ᠣᠷᠣᠨ ᠳᠤ ᠬᠦᠷᠬᠦ ᠳᠤ ᠲᠡᠷᠭᠡ ᠬᠥᠰᠭᠡ ᠵᠤᠭᠰᠤᠭᠠᠯ ᠲᠦᠭᠦᠷᠳᠡᠯ᠎ᠠ ᠵᠤᠬᠰᠤᠵᠦ᠂ ᠦᠵᠡᠮᠵᠢ ᠶᠢᠨ ᠣᠷᠣᠨ ᠤ ᠡᠭᠦᠳᠡᠨ ᠳᠠᠬᠢ ᠲᠠᠭᠤ ᠲᠣᠮᠣᠷᠠᠭᠤᠯᠤᠭᠴᠢ ᠲᠡᠭᠡᠷ᠎ᠠ ᠠᠮᠤᠷ ᠲᠦᠪᠰᠢᠨ ᠢ ᠠᠩᠬᠠᠷᠬᠤ ᠪᠠ ᠪᠣᠯᠪᠠᠰᠤᠨ ᠢᠶᠠᠷ ᠵᠢᠭᠤᠯᠴᠢᠯᠠᠬᠤ ᠲᠤᠬᠠᠢ ᠵᠢᠭᠤᠯᠴᠢᠯᠠᠬᠴᠢᠳ ᠲᠤ ᠰᠠᠨᠠᠭᠤᠯᠵᠦ ᠪᠠᠶᠢᠯ᠎ᠠ᠃ ᠦᠵᠡᠮᠵᠢ ᠶᠢᠨ ᠤᠷᠤᠨ ᠤ ᠠᠵᠢᠯᠲᠠᠳ ᠴᠤ ᠠᠮᠤᠷ ᠲᠦᠪᠰᠢᠨ ᠪᠠ ᠠᠷᠢᠭᠤᠨ ᠴᠡᠪᠡᠷ ᠢ ᠪᠠᠳᠤᠯᠠᠨ᠎ᠠ᠃      ᠵᠤᠨ ᠣᠷᠣᠮᠠᠭᠴᠠ ᠪᠤᠬᠲᠠ ᠠᠭᠤᠯᠠ ᠶᠢᠨ ᠲᠠᠬᠢᠯᠭ᠎ᠠ ᠶᠢᠨ ᠦᠵᠡᠮᠵᠢ ᠶᠢᠨ ᠣᠷᠣᠨ ᠳᠤ ᠤᠢ ᠰᠢᠭᠤᠢ  ᠬᠦᠭᠡᠷᠡᠨ᠂ ᠭᠤᠶᠤ ᠰᠠᠶᠢᠬᠠᠨ ᠦᠵᠡᠮᠵᠢ ᠨᠢ ᠬᠥᠮᠦᠰ ᠤᠨ ᠰᠡᠳᠭᠢᠯ ᠢ ᠰᠣᠭᠲᠣᠭᠤᠷᠠᠭᠤᠯᠤᠨ᠎ᠠ᠃ ᠬᠦᠮᠦᠰ ᠤᠪᠤᠭ᠎ᠠ ᠪᠠ ᠬᠥᠭᠦᠷᠭᠡᠨ ᠵᠠᠮ ᠤᠨ ᠬᠠᠵᠠᠭᠤ ᠪᠠᠷ ᠰᠡᠭᠦᠳᠡᠷ ᠲᠠᠲᠠᠵᠤ᠂ ᠵᠠᠯᠠᠶᠢᠳ ᠨᠤᠳᠤᠭ ᠤᠨ ᠦᠩᠭᠡ ᠦᠵᠡᠮᠵᠢ ᠶᠢ ᠲᠦᠷᠦᠯ ᠰᠠᠳᠤᠨ ᠨᠠᠶᠢᠵᠢ ᠨᠠᠷ ᠲᠠᠢ ᠪᠠᠨ ᠬᠤᠪᠢᠶᠠᠯᠴᠠᠪᠡ᠃      ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠪᠠᠷ ᠭᠡᠷ ᠤᠨ ᠬᠥᠮᠦᠰ ᠲᠠᠢ ᠪᠠᠨ ᠡ᠊ᠨᠳᠡ ᠨᠠᠭᠠᠳᠬᠤ ᠪᠠᠷ ᠢᠷᠡᠯ᠎ᠡ᠂ ᠪᠤᠬᠲᠠ ᠠᠭᠤᠯᠠ ᠶᠢᠨ ᠲᠠᠬᠢᠯᠭ᠎ᠠ ᠶᠢᠨ ᠦᠵᠡᠮᠵᠢ ᠶᠢᠨ ᠣᠷᠣᠨ ᠮᠠᠨ ᠤ ᠭᠡᠷ ᠠᠴᠠ ᠣᠶᠢᠷᠠᠬᠠᠨ᠂ ᠡ᠊ᠨᠳᠡᠬᠢ ᠦᠩᠭᠡ ᠦᠵᠡᠮᠵᠢ ᠭᠤᠶᠤ ᠰᠠᠶᠢᠬᠠᠨ᠂ ᠰᠡᠳᠭᠢᠯ ᠰᠠᠨᠠᠭ᠎ᠠ ᠶᠢ ᠰᠠᠷᠠᠭᠤᠯ ᠲᠡᠨᠢᠭᠦᠨ ᠪᠣᠯᠭᠠᠨ᠎ᠠ︾ ᠭᠡᠵᠦ ᠰᠢᠨ᠎ᠠ ᠠᠶᠢᠯ ᠭᠠᠴᠠᠭᠠᠨ ᠤ ᠵᠢᠭᠤᠯᠴᠢᠯᠠᠬᠴᠢ ᠶᠠᠷᠢᠵᠦ ᠪᠠᠶᠢᠯ᠎ᠠ᠃      ᠵᠢᠭᠤᠯᠴᠢᠯᠠᠭᠴᠢᠳ ᠤᠨ ᠬᠡᠷᠡᠭᠴᠡᠭᠡ ᠶᠢ ᠬᠠᠩᠭᠠᠵᠤ᠂ ᠦᠵᠡᠮᠵᠢ ᠶᠢᠨ ᠣᠷᠣᠨ ᠤ ᠡᠮᠬᠢ ᠳᠢᠭᠯᠢᠮ ᠢ ᠪᠠᠲᠤᠯᠠᠬᠤ ᠪᠠᠷ ᠵᠠᠯᠠᠶᠢᠳ ᠬᠤᠰᠢᠭᠤᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠤᠷᠢᠳᠴᠢᠯᠠᠨ ᠪᠠᠶᠢᠷᠢᠯᠠᠭᠤᠯᠵᠦ᠂ ᠵᠢᠭᠤᠯᠴᠢᠯᠡᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠰᠠᠶᠢᠨ ᠰᠠᠶᠢᠬᠠᠨ ᠵᠢᠭᠤᠯᠴᠢᠯᠡᠯ ᠤᠨ ᠣᠷᠴᠢᠨ ᠲᠣᠭᠤᠷᠢᠨ ᠢ ᠵᠢᠭᠤᠯᠴᠢᠯᠠᠭᠴᠢᠳ ᠲᠤ ᠡᠭᠦᠳᠴᠦ ᠥᠭᠴᠡᠢ᠃                                         ᠯᠢᠶᠠᠨ ᠪᠤᠤ  ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号