ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠮᠢᠬᠠᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠨ᠎ᠠ
ᠨᠡᠶᠢᠲᠡᠯᠡᠭᠰᠡᠨ ᠴᠠᠭ᠄
2024/6/18
    ᠤᠢᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠮᠢᠠᠬᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ︽ᠵᠠᠩᠭᠢᠯᠠᠭ᠎ᠠ︾ ᠶᠢ ᠴᠢᠩᠭ᠎ᠠ ᠠᠳᠬᠤᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠲᠠᠭᠠᠭᠤᠯᠤᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨᠴᠢᠯᠠᠭᠰᠠᠨ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠦᠪᠰᠢᠨ ᠢ ᠳᠡᠭᠡᠭᠰᠢᠯᠡᠭᠦᠯᠵᠦ ᠪᠤᠢ᠃     ᠣᠶᠢᠷ᠎ᠠ ᠳᠤ᠂ ᠪᠠᠶᠠᠨᠵᠢᠯᠠᠭ᠎ᠠ ᠰᠢᠶᠠᠩ ᠮᠢᠠᠬᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠣᠯᠢᠯᠴᠠᠭᠠᠨ ᠤ ᠬᠤᠷᠠᠯ ᠬᠤᠷᠠᠯᠳᠤᠭᠤᠯᠵᠤ᠂ ᠮᠢᠠᠬᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠡᠷᠢᠯᠬᠢᠯᠡᠨ᠂ ᠠᠵᠤ ᠦᠢᠯᠡᠰ ᠤᠨ ᠰᠢᠨ᠎ᠡ ᠪᠠᠶᠢᠷᠢ ᠲᠣᠭᠲᠠᠭᠠᠯᠲᠠ ᠶᠢ ᠰᠦᠪᠡᠭᠴᠢᠯᠡᠵᠦ᠂ ᠲᠦᠷᠦᠯ ᠵᠦᠢᠯ ᠤᠨ ᠰᠢᠨ᠎ᠡ ᠬᠠᠮᠲᠤᠷᠠᠯᠴᠠᠭ᠎ᠠ ᠶᠢ ᠰᠠᠶᠢᠳᠦᠷ ᠬᠢᠵᠤ ᠪᠠᠶᠢᠨ᠎ᠠ᠃    ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠰᠣᠯᠢᠯᠴᠠᠭ᠎ᠠ ᠬᠢᠭᠰᠡᠨ ᠨᠢ ᠪᠠᠶᠠᠨᠵᠢᠯᠠᠭ᠎ᠠ ᠰᠢᠶᠠᠩ ᠤᠨ ᠮᠢᠬᠠᠨ ᠦᠬᠡᠷ ᠲᠡᠵᠢᠭᠡᠨ ᠦᠷᠡᠵᠢᠭᠦᠯᠬᠦ ᠡᠷᠦᠬᠡ ᠶᠢᠨ ᠢᠲᠡᠭᠡᠯ ᠵᠣᠷᠢᠭ ᠢ ᠬᠥᠭᠵᠢᠭᠡᠬᠦ‍ ᠨᠢᠭᠡ ᠵᠦᠢᠯ ᠤᠨ ᠢᠳᠡᠪᠬᠢᠲᠡᠶ ᠠᠷᠭ᠎ᠠ ᠬᠡᠮᠵᠢᠶ᠎ᠡ ᠪᠤᠯᠤᠭᠰᠠᠨ ᠢᠶᠠᠷ ᠪᠠᠷᠠᠬᠤ ᠦᠭᠡᠢ ᠪᠠᠶᠠᠨᠵᠢᠯᠠᠭ᠎ᠠ ᠰᠢᠶᠠᠩ ᠤᠨ ᠮᠢᠬᠠᠨ ᠦᠬᠡᠷ ᠤᠨ ᠠᠵᠤ ᠦᠢᠯᠡᠰ  ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠬᠤ ᠪᠣᠳᠠᠲᠠᠶ ᠵᠢᠷᠤᠭᠯᠠᠯ ᠪᠣᠯᠤᠨ᠎ᠠ᠃ ᠵᠠᠯᠠᠶᠢᠳ ᠬᠤᠰᠢᠭᠤᠨ ᠤ ᠦᠬᠡᠷ ᠲᠡᠵᠢᠭᠡᠬᠦ ᠲᠣᠮᠣ ᠰᠢᠶᠠᠩ ᠪᠣᠯᠤᠭᠰᠠᠨ ᠤ ᠬᠤᠪᠢ ᠳᠤ᠂ ᠪᠠᠶᠠᠨᠵᠢᠯᠠᠭ᠎ᠠ ᠰᠢᠶᠠᠩ ᠤᠨ ᠣᠳᠣᠬᠠᠨ ᠤ ᠮᠢᠬᠠᠨ ᠦᠬᠡᠷ ᠤᠨ ᠲᠤᠭ᠎ᠠ 5.5 ᠲᠦᠮᠡ᠂ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ 26 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠣ᠂ 50 ᠦᠬᠡᠷ ᠠᠴᠠ ᠲᠡᠭᠡᠭᠰᠢ ᠲᠡᠵᠢᠭᠡᠨ ᠦᠷᠡᠵᠢᠭᠦᠯᠬᠦ ᠡᠷᠦᠬᠡ 300 ᠭᠠᠷᠤᠶ ᠪᠠᠶᠢᠨ᠎ᠠ᠃     ᠳᠠᠷᠠᠭᠠᠴᠢ ᠶᠢᠨ ᠠᠯᠬᠤᠮ ᠳᠤ᠂ ᠪᠠᠶᠠᠨᠵᠢᠯᠠᠭ᠎ᠠ ᠰᠢᠶᠠᠩ ᠪᠠᠷᠢᠮᠵᠢᠶᠠᠵᠢᠭᠰᠠᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠬᠢᠷᠲᠤᠯ ᠦᠭᠡᠢ ᠲᠡᠵᠢᠭᠡᠨ ᠦᠷᠡᠵᠢᠭᠦᠯᠬᠦ ᠮᠡᠷᠭᠡᠵᠢᠯ ᠢ ᠶᠡᠬᠡᠪᠡᠷ ᠳᠡᠯᠭᠡᠷᠡᠭᠦᠯᠤᠨ ᠮᠢᠬᠠᠨ ᠦᠬᠡᠷ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽ᠮᠢᠬᠠᠨ ᠦᠬᠡᠷ︾ ᠪᠠ ︽ᠦᠬᠡᠷ ᠤᠨ ᠮᠢᠬ᠎ᠠ︾ ᠶᠢᠨ ᠲᠤᠰᠬᠠᠢ ᠲᠦᠷᠦᠯ ᠲᠡᠮᠳᠡᠭ ᠢ ᠡᠭᠦᠳᠴᠦ᠂ ᠮᠢᠬᠠᠨ ᠦᠬᠡᠷ ᠤᠨ ᠠᠵᠤ ᠦᠢᠯᠡᠰ ᠤᠨ ᠣᠳᠣᠬᠢᠴᠢᠯᠠᠯᠲᠠ ᠶᠢᠨ ᠬᠥᠭᠵᠢᠯᠲᠡ ᠪᠠᠷ ᠳᠠᠮᠵᠢᠨ ᠮᠠᠯ ᠪᠡᠯᠴᠢᠭᠡᠷ ᠤᠨ ᠲᠡᠩᠴᠡᠭᠦᠷᠢ ᠶᠢ ᠪᠡᠶᠡᠯᠡᠭᠦᠯᠵᠦ᠂ ᠨᠤᠳᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠬᠦ ᠶᠢ ᠤᠯᠠᠮ ᠴᠢᠨᠠᠭᠰᠢᠳᠠ ᠠᠬᠢᠭᠤᠯᠤᠨ᠎ᠠ᠃  
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号