︽ᠳᠤᠯᠠᠭᠠᠯᠠᠭ᠎ᠠ ᠶᠢᠨ ᠢᠨᠵᠧᠨᠧᠷᠢᠩ︾ ᠤᠨ ᠠᠵᠢᠯ ᠡᠷᠴᠢᠮᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/6/18
     ᠣᠶᠢᠷ᠎ᠠ ᠳᠤ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ︽ᠳᠤᠯᠠᠭᠠᠯᠠᠭ᠎ᠠ ᠶᠢᠨ ᠢᠨᠵᠧᠨᠧᠷᠢᠩ︾ ᠤᠨ ᠪᠠᠷᠢᠯᠭ᠎ᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠠᠮᠵᠢᠨ᠂ ᠢᠯᠴᠢ ᠬᠠᠩᠭᠠᠬᠤ ᠲᠥᠬᠦᠭᠡᠷᠦᠮᠵᠢ ᠶᠢ ᠰᠢᠨᠡᠳᠭᠡᠨ ᠥᠭᠡᠷᠡᠴᠢᠯᠡᠬᠦ ᠶᠢ ᠠᠬᠢᠭᠤᠯᠵᠤ᠂ ᠠᠷᠠᠳ ᠤᠯᠠᠨ ᠤ ᠲᠤᠯᠠᠭᠠᠨ ᠪᠦᠯᠢᠶᠡᠨ ᠡᠪᠤᠯᠵᠢᠬᠦ ᠳᠤ ᠭᠦᠢᠴᠡᠳ ᠪᠡᠯᠡᠳᠬᠡᠯ ᠬᠢᠵᠤ ᠪᠤᠢ᠃    ᠬᠤᠯᠪᠣᠭ᠎ᠠ ᠪᠠᠯᠭᠠᠰᠤᠨ ᠤ ᠢᠯᠴᠢ ᠪᠤᠯᠤᠨ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠴᠢᠳ ᠡᠷᠴᠢ ᠵᠣᠷᠢᠭ ᠢᠶᠠᠨ ᠬᠥᠪᠴᠢᠯᠡᠨ ᠭᠠᠵᠠᠷ ᠤᠬᠤᠬᠤ᠂ ᠢᠯᠴᠢ ᠬᠠᠩᠭᠠᠬᠤ ᠬᠤᠭᠤᠯᠠᠶ ᠵᠢᠴᠢ ᠢᠵᠢ ᠪᠥᠷᠢᠳᠦᠭᠦᠯᠬᠦ ᠬᠤᠭᠤᠯᠠᠶ ᠶᠢᠨ ᠳᠠᠭᠠᠯᠲᠠ ᠲᠥᠬᠦᠭᠡᠷᠦᠮᠵᠢ ᠶᠢ ᠰᠤᠯᠢᠬᠤ ᠵᠡᠷᠭᠡ ᠠᠵᠢᠯ ᠳᠠᠭᠠᠨ ᠶᠠᠭᠠᠷᠠᠵᠠᠭᠠᠨ᠎ᠠ᠃
   ᠡᠨᠡᠬᠦ ᠬᠤᠯᠪᠤᠭ᠎ᠠ ᠪᠠᠯᠭᠠᠰᠤᠨ ᠤ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠨᠢ ᠢᠯᠴᠢ ᠬᠠᠩᠭᠠᠬᠤ ᠬᠤᠭᠤᠯᠠᠶ ᠬᠠᠭᠤᠴᠢᠷᠠᠵᠤ ᠡᠪᠳᠡᠷᠡᠭᠰᠡᠨ ᠠᠴᠠ ᠪᠤᠯᠤᠭᠰᠠᠨ ᠢᠯᠴᠢ ᠬᠠᠩᠭᠠᠬᠤ ᠳᠤ ᠰᠠᠭᠠᠳ ᠣᠯᠠᠨ ᠵᠡᠷᠭᠡ ᠠᠰᠠᠭᠤᠳᠠᠯ ᠢ ᠦᠨᠡᠨ ᠬᠦ ᠪᠦᠲᠦᠮᠵᠢᠲᠡᠶ ᠰᠢᠢᠳᠪᠦᠷᠢᠯᠡᠵᠦ᠂ ᠢᠯᠴᠢ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠦᠯᠦ ᠪᠠᠷᠠᠨ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠬᠦ ᠪᠤᠯᠤᠨ᠎ᠠ᠃
                   ᠵᠠᠩ ᠬᠤᠩ ᠪᠢᠶᠣᠣ    ᠵᠣᠣ ᠽᠢ ᠯᠥᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号