ᠡᠮ ᠡᠮᠨᠡᠯᠭᠡ ᠶᠢᠨ ᠳᠠᠭᠠᠳᠬᠠᠯ ᠤᠨ ᠰᠢᠨ᠎ᠡ ᠦᠢᠯᠡᠴᠢᠯᠡᠭᠡ ᠭᠠᠷᠪᠠ
ᠨᠡᠶᠢᠲᠡᠯᠡᠭᠰᠡᠨ ᠴᠠᠭ᠄
2024/6/18
    ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠳᠤᠰ ᠲᠣᠪᠴᠢᠶ᠎ᠠ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠢ ᠭᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ ᠴᠢᠳᠠᠮᠵᠢ ᠶᠢ ᠥᠷᠭᠡᠳᠭᠡᠬᠦ ᠪᠠ ᠦᠢᠯᠡᠴᠢᠯᠡᠭᠡ ᠶᠢ ᠰᠢᠯᠢᠳᠡᠭᠵᠢᠭᠦᠯᠵᠦ᠂ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ APP ᠰᠦᠯᠵᠢᠶᠡᠨ ᠳᠡᠭᠡᠷ᠎ᠡ ︽ᠡᠮ ᠤᠨ ᠳᠡᠯᠭᠡᠭᠦᠷ ᠤᠨ ᠦᠨ᠎ᠠ ᠶᠢᠨ ᠬᠠᠷᠢᠴᠠᠭᠤᠯᠤᠯ ᠢ ᠨᠡᠪᠲᠡᠷᠡᠭᠦᠯᠬᠦ︾ ᠦᠢᠯᠡᠴᠢᠯᠡᠭᠡ ᠶᠢ ᠲᠤᠷᠰᠢᠨ ᠠᠵᠢᠯᠯᠠᠭᠤᠯᠵᠤ᠂ ᠣᠯᠠᠨ ᠲᠦᠮᠡᠨ ᠭᠠᠷ ᠤᠲᠠᠰᠤᠨ ᠳᠡᠭᠡᠷ᠎ᠡ ᠨᠢᠭᠡ ᠳᠠᠷᠤᠪᠴᠢ ᠪᠠᠷ ᠪᠠᠶᠢᠴᠠᠭᠠᠨ ᠯᠠᠪᠯᠠᠵᠤ᠂ ᠡᠮ ᠤᠨ ᠵᠦᠢᠯᠡᠰ ᠤᠨ ᠦᠨ᠎ᠡ ᠬᠠᠩᠰᠢ ᠶᠢ ᠴᠠᠭ ᠲᠤᠬᠠᠶ ᠳᠤᠨᠢ ᠬᠠᠷᠢᠴᠠᠭᠤᠯᠵᠤ᠂ ᠡᠮ ᠤᠨ ᠵᠦᠢᠯᠡᠰ ᠤᠨ ᠦᠨ᠎ᠡ ᠬᠠᠩᠰᠢ ᠶᠢ ᠨᠠᠩ ᠢᠯᠡ ᠲᠣᠳᠣ ᠪᠣᠯᠭᠠᠬᠤ ᠶᠢ ᠠᠬᠢᠭᠤᠯᠵᠤ ᠪᠠᠶᠢᠨ᠎ᠠ᠃     ᠣᠶᠢᠯᠠᠭᠠᠭᠰᠠᠨ ᠢᠶᠠᠷ᠂ ︽ᠡᠮ ᠤᠨ ᠳᠡᠯᠭᠡᠭᠦᠷ ᠤᠨ ᠦᠨ᠎ᠠ ᠶᠢᠨ ᠬᠠᠷᠢᠴᠠᠭᠤᠯᠤᠯ ᠢ ᠨᠡᠪᠲᠡᠷᠡᠭᠦᠯᠬᠦ︾ ᠲᠤᠭ᠎ᠠ ᠪᠠᠷᠢᠮᠲᠠ ᠨᠢ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮᠴᠢᠯᠡᠭᠡᠨ ᠤ ᠳᠠᠭᠠᠳᠬᠠᠯ ᠳᠤ ᠳᠠᠮᠵᠢᠭᠤᠯᠤᠭᠰᠠᠨ ᠦᠨᠡᠨ ᠪᠣᠳᠠᠲᠠᠶ ᠳ᠋ᠦᠩᠨᠡᠨ ᠪᠤᠳᠤᠭᠰᠠᠨ ᠮᠡᠳᠡᠭᠡ ᠵᠠᠩᠭᠢ ᠠᠴᠠ ᠢᠷᠡᠯᠲᠡ ᠲᠠᠢ ᠪᠠᠶᠢᠵᠤ᠂ ᠡᠮ ᠤᠨ ᠳᠡᠯᠭᠡᠭᠦᠷ ᠤᠨ ᠣᠶᠢᠷ᠎ᠠ ᠶᠢᠨ ᠨᠢᠭᠡ ᠤᠳᠠᠭᠠᠨ ᠤ ᠪᠣᠷᠣᠯᠠᠭᠤᠯᠤᠭᠰᠠᠨ ᠡᠮ ᠤᠨ ᠵᠦᠢᠯᠡᠰ ᠤᠨ ᠦᠨ᠎ᠡ ᠪᠠᠷ ᠠᠳᠠᠯᠢᠳᠬᠠᠯ ᠦᠨ᠎ᠡ ᠶᠢᠨ ᠭᠦᠢᠴᠡᠳᠭᠡᠯ ᠲᠤᠭ᠎ᠠ ᠪᠣᠯᠭᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠭᠠᠷ ᠤᠲᠠᠰᠤᠨ ᠳᠡᠭᠡᠷ᠎ᠡ ᠡᠮ ᠤᠨ ᠵᠦᠢᠯᠡᠰ ᠤᠨ ᠦᠨ᠎ᠡ ᠬᠠᠩᠰᠢ ᠶᠢ ᠳᠥᠭᠦᠮ ᠳᠥᠲᠡ ᠪᠥᠭᠡᠳ ᠴᠠᠭ ᠲᠤᠬᠠᠶ ᠳᠤᠨᠢ ᠪᠠᠶᠢᠴᠠᠭᠠᠨ ᠯᠠᠪᠯᠠᠬᠤ ᠶᠢ ᠪᠡᠶᠡᠯᠡᠭᠦᠯᠵᠦ᠂ ᠦᠪᠡᠷᠳᠡᠭᠡᠨ ᠬᠠᠷᠢᠴᠠᠭᠤᠯᠬᠤ᠂ ᠦᠪᠡᠷᠳᠡᠭᠡᠨ ᠰᠣᠩᠭᠤᠬᠤ ᠳᠤ ᠲᠥᠬᠦᠮ ᠪᠣᠯᠭᠠᠪᠠ᠃ ᠣᠳᠣᠬᠠᠨ ᠳᠤ᠂ ᠪᠥᠬᠦ ᠣᠷᠣᠨ ᠤ 1.7 ᠲᠦᠮᠡᠨ ᠡᠮ ᠤᠨ ᠳᠡᠯᠭᠡᠭᠦᠷ ᠤᠨ ᠮᠡᠳᠡᠭᠡ ᠵᠠᠩᠭᠢ ᠶᠢ ᠪᠦᠬᠦᠨ ᠢ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠦᠨ᠎ᠡ ᠶᠢᠨ ᠬᠠᠷᠢᠴᠠᠭᠤᠯᠤᠯ ᠬᠡᠪᠴᠢᠶᠡᠨ ᠳᠤ ᠣᠷᠣᠭᠤᠯᠪᠠ᠃ ᠳᠠᠭᠠᠳᠬᠠᠯ ᠳᠤ ᠣᠷᠣᠯᠴᠠᠭᠰᠠᠳ ᠭᠤᠷᠪᠠᠨ ᠠᠯᠬᠤᠮ ᠢᠶᠠᠷ ᠯᠠᠪᠯᠠᠯᠳᠠ ᠭᠢᠵᠦ ᠪᠤᠯᠤᠨ᠎ᠠ᠄     ᠨᠢᠭᠡᠳᠦᠭᠡᠷ ᠠᠯᠬᠤᠮ ᠳᠤ᠂ ᠳᠠᠭᠠᠳᠬᠠᠯ ᠳᠤ ᠣᠷᠣᠯᠴᠠᠭᠰᠠᠳ ᠡᠷᠬᠡ ᠣᠯᠭᠤᠭᠰᠠᠨ ᠤ ᠳᠠᠷᠠᠭ᠎ᠠ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ APP︾ ᠳᠤ ᠣᠷᠣᠵᠤ᠂ ᠲᠦᠷᠦᠭᠦᠦ ᠨᠢᠭᠤᠷ ᠤᠨ ︽ᠬᠠᠯᠠᠮᠰᠢᠯ ᠯᠠᠪᠯᠠᠯᠳᠠ︾ ᠪᠤᠯᠤᠩ ᠠᠴᠠ ᠡᠮ ᠤᠨ ᠳᠡᠯᠭᠡᠭᠦᠷ ᠤᠨ ᠦᠨ᠎ᠡ ᠶᠢᠨ ᠬᠠᠷᠢᠴᠠᠭᠤᠯᠤᠯ ᠢ ᠨᠡᠪᠲᠡᠷᠡᠭᠦᠯᠬᠦ ᠦᠢᠯᠡᠴᠢᠯᠡᠭᠡ ᠶᠢ ᠡᠷᠢᠵᠦ ᠣᠯᠵᠤ ᠪᠣᠯᠤᠨ᠎ᠠ︔     ᠬᠤᠶᠠᠳᠤᠭᠠᠷ ᠠᠯᠬᠤᠮ ᠳᠤ᠂ ᠬᠠᠶᠢᠯᠳᠠ ᠳᠤ ᠪᠠᠶᠢᠴᠠᠭᠠᠨ ᠯᠠᠪᠯᠠᠬᠤ ᠡᠮ ᠤᠨ ᠨᠡᠷᠡᠶᠢᠳᠦᠯ ᠢ ᠣᠷᠣᠭᠤᠯᠵᠤ᠂ ᠬᠢᠮᠢ ᠶᠢᠨ ᠨᠡᠷ᠎ᠡ ᠪᠠ ᠲᠠᠸᠠᠷ ᠤᠨ ᠨᠡᠷ᠎ᠡ ᠶᠢᠨ ᠡᠷᠢᠯᠲᠡ ᠶᠢ ᠳᠡᠮᠵᠢᠪᠡᠯ ᠳᠠᠷᠤᠶ ᠲᠣᠰ ᠡᠮ ᠤᠨ ᠠᠳᠠᠯᠢ ᠪᠤᠰᠤ ᠦᠢᠯᠡᠳᠪᠦᠷᠢ᠂ ᠠᠳᠠᠯᠢ ᠪᠤᠰᠤ ᠬᠡᠪ ᠪᠠᠷᠢᠮᠵᠢᠶ᠎ᠠ᠂ ᠠᠳᠠᠯᠢ ᠪᠤᠰᠤ ᠡᠮ ᠤᠨ ᠬᠡᠯᠪᠡᠷᠢ ᠶᠢᠨ ᠦᠢᠯᠡᠳᠬᠦᠨ ᠤ ᠮᠡᠳᠡᠭᠡ ᠵᠠᠩᠭᠢ ᠶᠢ ᠪᠠᠶᠢᠴᠠᠭᠠᠨ ᠦᠵᠡᠵᠦ ᠪᠣᠯᠤᠨ᠎ᠠ︔     ᠭᠤᠷᠪᠠᠳᠤᠭᠠᠷ ᠠᠯᠬᠤᠮ ᠳᠤ᠂ ᠦᠨ᠎ᠡ ᠶᠢ ᠬᠠᠷᠢᠴᠠᠭᠤᠯᠬᠤ ᠡᠮ ᠤᠨ ᠵᠦᠢᠯ ᠢ ᠰᠣᠩᠭᠤᠭᠰᠠᠨ ᠤ ᠳᠠᠷᠠᠭ᠎ᠠ ᠳᠠᠷᠤᠶ ᠲᠣᠰ ᠡᠮ ᠤᠨ ᠵᠦᠢᠯ ᠤᠨ ᠠᠳᠠᠯᠢ ᠪᠤᠰᠤ ᠲᠣᠭᠲᠠᠮᠠᠯ ᠴᠡᠭ ᠤᠨ ᠡᠮ ᠤᠨ ᠳᠡᠯᠭᠡᠭᠦᠷ ᠤᠨ ᠦᠨ᠎ᠡ ᠶᠢ ᠪᠠᠶᠢᠴᠠᠭᠠᠨ ᠯᠠᠪᠯᠠᠵᠤ ᠪᠣᠯᠤᠨ᠎ᠠ᠃ ᠡᠮ ᠤᠨ ᠦᠨ᠎ᠡ ᠶᠢ ᠪᠠᠶᠢᠴᠠᠭᠠᠨ ᠯᠠᠪᠯᠠᠭᠰᠠᠨ ᠤ ᠳᠠᠷᠠᠭ᠎ᠠ᠂ ᠡᠮ ᠤᠨ ᠳᠡᠯᠭᠡᠭᠦᠷ ᠲᠠᠢ ᠬᠠᠷᠢᠯᠴᠠᠬᠤ ᠶᠢ ᠰᠣᠩᠭᠤᠵᠤ᠂ ᠤᠲᠠᠰᠤ ᠪᠠᠷ ᠡᠮ ᠤᠨ ᠳᠡᠯᠭᠡᠭᠦᠷ ᠤᠨ ᠡᠮ ᠤᠨ ᠵᠦᠢᠯ ᠤᠨ ᠨᠠᠷᠢᠨ ᠪᠠᠶᠢᠳᠠᠯ ᠢ ᠣᠶᠢᠯᠠᠭᠠᠵᠤ ᠪᠣᠯᠤᠨ᠎ᠠ᠂ ᠪᠠᠰᠠ ︽ᠳᠠᠷᠤᠶ ᠵᠠᠮᠴᠢᠯᠠᠭᠤᠯᠬᠤ︾ ᠶᠢ ᠲᠣᠪᠴᠢᠳᠠᠵᠤ᠂ ᠡᠮ ᠤᠨ ᠳᠡᠯᠭᠡᠭᠦᠷ ᠲᠤ ᠣᠨᠣᠪᠴᠢᠲᠠᠶ ᠬᠦᠷᠴᠦ ᠡᠮ ᠬᠤᠳᠠᠯᠳᠤᠨ ᠠᠪᠴᠤ ᠪᠣᠯᠤᠨ᠎ᠠ᠃      ︽︿ᠡᠮ ᠤᠨ ᠳᠡᠯᠭᠡᠭᠦᠷ ᠤᠨ ᠦᠨ᠎ᠠ ᠶᠢᠨ ᠬᠠᠷᠢᠴᠠᠭᠤᠯᠤᠯ ᠢ ᠨᠡᠪᠲᠡᠷᠡᠭᠦᠯᠬᠦ﹀ ᠦᠢᠯᠡᠴᠢᠯᠡᠭᠡ ᠶᠢ ᠰᠦᠯᠵᠢᠶᠡᠨ ᠳᠤ ᠣᠷᠣᠭᠤᠯᠬᠤ ᠨᠢ ᠡᠮ ᠤᠨ ᠵᠦᠢᠯᠡᠰ ᠤᠨ ᠦᠨ᠎ᠡ ᠬᠠᠩᠰᠢ ᠶᠢᠨ ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠢᠯᠠᠩᠭᠤᠶ᠎ᠠ ᠤᠳᠠᠭᠠᠨ ᠴᠢᠨᠠᠷᠲᠠᠶ ᠡᠪᠡᠳᠴᠢᠨ ᠪᠠ ᠣᠷᠳᠣ ᠬᠤᠭᠤᠴᠠᠭ᠎ᠠ ᠪᠠᠷ ᠡᠮ ᠬᠡᠷᠡᠭᠯᠡᠬᠦ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ ᠪᠠᠰᠠ ᠲᠣᠭᠲᠠᠭᠰᠠᠨ ᠡᠮ ᠤᠨ ᠳᠡᠯᠭᠡᠭᠦᠷ ᠤᠨ ᠡᠮ ᠤᠨ ᠵᠦᠢᠯᠡᠰ ᠤᠨ ᠦᠨ᠎ᠡ ᠬᠠᠩᠰᠢ ᠶᠢ ᠵᠦᠶ ᠵᠣᠬᠢᠰᠲᠠᠶ ᠲᠣᠬᠢᠷᠠᠭᠤᠯᠬᠤ ᠶᠢ ᠠᠬᠢᠭᠤᠯᠵᠤ᠂ ᠡᠮ ᠡᠮᠨᠡᠯᠭᠡ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠠᠵᠢᠯ ᠲᠥᠷᠥᠯ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠡᠮ ᠤᠨ ᠵᠦᠢᠯᠡᠰ ᠤᠨ ᠵᠠᠬ᠎ᠠ ᠳᠡᠯᠭᠡᠭᠦᠷ ᠤᠨ ᠡᠷᠬᠡ ᠲᠡᠭᠰᠢ ᠰᠠᠶᠢᠨ ᠰᠠᠶᠢᠬᠠᠨ ᠥᠷᠢᠰᠥᠯᠳᠦᠭᠡᠨ ᠢ ᠠᠬᠢᠭᠤᠯᠬᠤ ᠪᠣᠯᠤᠨ᠎ᠠ︾᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠬᠡᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᡁᠢ ᠹᠦ ᠪᠤᠤ᠂ ᠵᠢᠷᠭᠢᠶ᠎ᠠ ᠶᠢᠨ ᠵᠢᠵᠢᠭ ᠫᠷᠤᠭ᠍ᠷᠠᠮ ᠵᠢᠴᠢ ᠮᠥᠩᠬᠡ ᠰᠤᠪᠠᠭ ᠤᠨ APP ᠶᠢᠨ ᠡᠮ ᠤᠨ ᠵᠦᠢᠯᠡᠰ ᠤᠨ ᠬᠠᠷᠢᠴᠠᠭᠤᠯᠤᠭᠰᠠᠨ ᠦᠨ᠎ᠡ ᠶᠢ ᠪᠠᠶᠢᠴᠠᠭᠠᠨ ᠯᠠᠪᠯᠠᠬᠤ ᠴᠢᠳᠠᠮᠵᠢ ᠶᠢ ᠵᠠᠯᠭᠠᠭ᠎ᠠ ᠪᠠᠷ ᠨᠡᠪᠲᠡᠷᠡᠭᠦᠯᠵᠦ᠂ ᠣᠯᠠᠨ ᠲᠦᠮᠡᠨ ᠳᠤ ᠨᠠᠩ ᠲᠥᠬᠦᠮ᠂ ᠣᠯᠠᠨ ᠶᠠᠩᠵᠤ ᠶᠢᠨ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ ᠭᠡᠵᠡᠶ᠃
 
ᠢᠷᠡᠯᠲᠡ᠄ ᠦᠪᠤᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号