ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠮᠥᠩᠭᠦ ᠪᠠᠷ ᠢᠶᠠᠨ ᠰᠠᠳᠤᠨ ᠲᠦᠷᠦᠯ ᠳᠤ ᠪᠠᠨ ᠡᠮ ᠬᠤᠳᠠᠯᠳᠤᠨ ᠠᠪᠴᠤ ᠥᠭᠴᠦ ᠪᠣᠯᠬᠤ ᠦᠦ︖
ᠨᠡᠶᠢᠲᠡᠯᠡᠭᠰᠡᠨ ᠴᠠᠭ᠄
2024/6/18
     ᠣᠶᠢᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠡᠶᠢᠮᠦᠷᠬᠦᠦ ᠵᠢᠭᠠᠬᠠᠨ ᠶᠠᠪᠤᠳᠠᠯ ᠢ ᠬᠠᠪᠰᠤᠷᠴᠤ ᠪᠣᠯᠬᠤ ᠦᠭᠡᠢ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ ᠰᠢᠢᠳᠬᠡᠭᠳᠡᠨ᠎ᠡ︕︾ ᠭᠡᠬᠦ ᠵᠣᠬᠢᠶᠠᠯ ᠢ ᠨᠡᠶᠢᠲᠡᠯᠡᠭᠰᠡᠨ ᠤ ᠳᠠᠷᠠᠭ᠎ᠠ᠂ ᠰᠦᠯᠵᠢᠶᠡᠴᠢᠳ ᠤᠨ ᠠᠩᠬᠠᠷᠤᠯ ᠢ ᠲᠠᠲᠠᠭᠰᠠᠨ ᠪᠥᠭᠡᠳ ᠵᠠᠷᠢᠮ ᠨᠢ ᠨᠠᠶᠢᠷᠠᠭᠤᠯᠤᠭᠴᠢ ᠳᠤ ᠲᠥᠷᠥ ᠶᠢᠨ ᠪᠣᠳᠣᠯᠭ᠎ᠠ ᠶᠢ ᠴᠢᠨᠠᠭᠰᠢᠳᠠ ᠲᠠᠶᠢᠯᠪᠤᠷᠢᠯᠠᠬᠤ ᠶᠢ ᠵᠥᠪᠯᠡᠵᠡᠢ᠃ ᠣᠯᠠᠨ ᠤ ᠵᠠᠷᠢᠮ ᠡᠷᠡᠭᠡᠯᠵᠡᠭᠡ ᠳᠤ ᠬᠠᠨᠳᠤᠭᠤᠯᠤᠨ᠂ ᠨᠠᠶᠢᠷᠠᠭᠤᠯᠤᠭᠴᠢ ᠠᠰᠠᠭᠤᠯᠲᠠ ᠬᠠᠷᠢᠭᠤᠯᠲᠠ ᠨᠤᠭᠤᠳ ᠢ ᠡᠮᠬᠢᠯᠡᠭᠰᠡᠨ ᠨᠢ ᠲᠠ ᠣᠯᠠᠨ ᠤ ᠡᠷᠡᠭᠡᠯᠵᠡᠭᠡ ᠶᠢ ᠲᠠᠶᠢᠯᠤᠭᠰᠠᠨ ᠪᠣᠯᠣᠭᠠᠰᠠᠢ᠃    ᠠᠰᠠᠭᠤᠯᠲᠠ᠄ ᠪᠢ ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠮᠦᠩᠭᠦ ᠪᠠᠨ ᠭᠡᠷ ᠤᠨ ᠬᠥᠮᠥᠰ ᠲᠤ ᠪᠠᠨ ᠬᠡᠷᠡᠭᠯᠡᠭᠦᠯᠵᠦ ᠪᠣᠯᠬᠤ ᠦᠦ︖    ᠬᠠᠷᠢᠭᠤᠯᠲᠠ᠄ ᠬᠡᠷᠪᠡ ᠲᠠᠨ ᠤ ᠬᠡᠯᠡᠵᠦ ᠪᠠᠶᠢᠭ᠎ᠠ ᠴᠢᠨᠢ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠳᠠᠬᠢ ᠦᠯᠡᠳᠡᠪᠦᠷᠢ ᠶᠢ ᠵᠢᠭᠠᠵᠤ ᠪᠠᠶᠢᠪᠠᠯ᠂ ᠬᠡᠷᠡᠭᠯᠡᠭᠦᠯᠵᠦ ᠪᠣᠯᠣᠨ᠎ᠠ᠃ ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ᠂ ᠳᠠᠭᠠᠳᠬᠠᠯ ᠤᠨ ᠬᠤᠪᠢ ᠬᠥᠮᠥᠨ ᠤ ᠳᠠᠩᠰᠠ ᠶᠢᠨ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠬᠦ ᠪᠠᠷ ᠳᠠᠮᠵᠢᠭᠤᠯᠤᠨ᠂ ᠳᠠᠭᠠᠳᠬᠠᠯ ᠳᠤ ᠣᠷᠣᠯᠴᠠᠭᠰᠠᠨ ᠡᠴᠢᠭᠡ ᠡᠬᠡ᠂ ᠡᠬᠡᠨᠡᠷ ︵ᠨᠥᠬᠦᠷ︶ ᠪᠠ ᠦᠷ᠎ᠡ ᠬᠡᠦᠬᠡᠳ ᠲᠤ ᠪᠠᠨ ᠡᠷᠬᠡ ᠣᠯᠭᠤᠨ ᠬᠤᠪᠢ ᠬᠥᠮᠥᠨ ᠤ ᠳᠠᠩᠰᠠ ᠪᠠᠨ ᠬᠡᠷᠡᠭᠯᠡᠭᠦᠯᠵᠦ ᠪᠣᠯᠣᠨ᠎ᠠ᠃ ᠵᠢᠱᠢᠶᠡᠯᠡᠪᠡᠯ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠤᠨ ᠳᠣᠲᠣᠷᠠᠬᠢ ᠬᠤᠪᠢ ᠬᠥᠮᠥᠨ ᠤ ᠥᠪᠡᠰᠦᠪᠡᠨ ᠥᠭᠬᠦ ᠬᠡᠰᠡᠭ ᠢ ᠲᠥᠯᠥᠬᠦ ᠳᠤ ᠬᠡᠷᠡᠭᠯᠡᠵᠦ ᠪᠣᠯᠣᠨ᠎ᠠ᠃    ᠵᠢᠱᠢᠶ᠎ᠡ ᠳᠠᠲᠠᠪᠠᠯ᠂ ᠯᠢ ᠮᠢᠩ ᠤᠨ ᠬᠦᠦ ᠯᠢ ᠰᠢᠶᠣᠣ ᠮᠢᠩ ᠡᠪᠡᠳᠴᠢᠯᠡᠵᠦ᠂ ᠡᠮ ᠬᠤᠳᠠᠯᠳᠤᠨ ᠠᠪᠬᠤ ᠳᠤ ᠬᠤᠪᠢ ᠬᠥᠮᠥᠨ 100 ᠲᠥᠭᠦᠷᠢᠭ ᠭᠠᠷᠭᠠᠨ᠎ᠠ᠃ ᠯᠢ ᠮᠢᠩ ᠤᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠳᠤ ᠪᠠᠰᠠ ᠦᠯᠡᠳᠡᠪᠦᠷᠢ ᠪᠠᠶᠢᠭᠰᠠᠨ ᠪᠥᠭᠡᠳ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠤ ᠳᠠᠷᠠᠭ᠎ᠠ᠂ ᠯᠢ ᠰᠢᠶᠣᠣ ᠮᠢᠩ ᠯᠢ ᠮᠢᠩ ᠤᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠤ ᠮᠦᠩᠭᠦ ᠪᠠᠷ ᠡᠨᠡ 100 ᠲᠥᠭᠦᠷᠢᠭ ᠢ ᠲᠥᠯᠥᠵᠦ ᠪᠣᠯᠣᠨ᠎ᠠ᠂ ᠡᠨᠡ ᠪᠣᠯ ᠳᠠᠷᠤᠢ ︽ᠭᠡᠷ ᠪᠦᠯᠢ ᠬᠠᠮᠲᠤ ᠪᠠᠷ ᠬᠡᠷᠡᠭᠯᠡᠬᠦ︾ ᠮᠥᠨ᠃    ᠠᠰᠠᠭᠤᠯᠲᠠ᠄ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠬᠡᠷᠬᠢᠨ ᠭᠦᠢᠴᠡᠳᠬᠡᠬᠦ ᠪᠣᠶ︖    ᠬᠠᠷᠢᠭᠤᠯᠲᠠ᠄ ᠳᠠᠭᠠᠳᠬᠠᠯ ᠳᠤ ᠣᠷᠣᠯᠴᠠᠭᠴᠢ ︵ᠶᠡᠷᠦ ᠳᠤ ᠪᠠᠨ ᠬᠡᠷᠡᠭᠯᠡᠭᠦᠯᠦᠭᠴᠢ︶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ APP ᠤᠨ ᠣᠷᠣᠨ ᠨᠤᠲᠤᠭ ᠤᠨ ᠲᠤᠰᠬᠠᠢ ᠪᠣᠯᠣᠩ᠂ ᠲᠤᠬᠠᠢ ᠶᠢᠨ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠸᠢᠴᠠᠲ ᠣᠯᠠᠨ ᠨᠡᠶᠢᠲᠡ ᠶᠢᠨ ᠳ᠋ᠤᠭᠠᠷ᠂ ᠠᠯᠪᠠᠨ ᠤ ᠰᠦᠯᠵᠢᠶ᠎ᠡ ᠵᠡᠷᠭᠡ ︽ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠ ᠶᠢᠨ ᠭᠡᠷ ᠪᠦᠯᠢ ᠬᠠᠮᠲᠤ ᠪᠠᠷ ᠬᠡᠷᠡᠭᠯᠡᠬᠦ︾ ᠴᠢᠳᠠᠮᠵᠢᠲᠤ ᠮᠣᠳᠦ᠋ᠯ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠣᠨ᠎ᠠ᠃ ᠡᠯ᠎ᠡ ᠨᠢᠭᠡᠳᠦᠯᠲᠡᠢ ᠲᠥᠯᠥᠪᠯᠡᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠣᠳᠠᠲᠠᠢ ᠭᠦᠢᠴᠡᠳᠬᠡᠬᠦ ᠠᠷᠭ᠎ᠠ ᠵᠠᠮ ᠢ ᠨᠡᠶᠢᠭᠡᠮ ᠳᠤ ᠢᠯᠡ ᠪᠣᠯᠭᠠᠨ᠎ᠠ︔ ᠣᠶᠣᠨᠲᠤ ᠲᠥᠬᠦᠭᠡᠷᠦᠮᠵᠢ ᠶᠢ ᠬᠡᠷᠡᠭᠯᠡᠬᠦ ᠳᠤ ᠲᠦᠪᠡᠭᠲᠡᠢ ᠨᠠᠰᠤᠲᠠᠶᠢᠴᠤᠳ ᠵᠡᠷᠭᠡ ᠣᠨᠴᠠᠭᠠᠶ ᠬᠦᠮᠦᠰ ᠪᠠᠰᠠ ᠰᠦᠯᠵᠢᠶᠡᠨ ᠠᠴᠠ ᠭᠠᠳᠠᠨ᠎ᠠ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠶᠡᠭᠡ ᠲᠢᠩᠬᠢᠮ ᠳᠤ ᠴᠤ ᠭᠦᠢᠴᠡᠳᠬᠡᠵᠦ ᠪᠣᠯᠣᠨ᠎ᠠ᠃    ᠠᠰᠠᠭᠤᠯᠲᠠ᠄ ᠭᠡᠷ ᠤᠨ ᠬᠦᠮᠦᠰ ᠯᠠ ᠶᠤᠮ ᠪᠣᠯ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠬᠡᠷᠡᠭᠯᠡᠵᠦ ᠪᠣᠯᠬᠤ ᠤᠤ︖    ᠬᠠᠷᠢᠭᠤᠯᠲᠠ᠄ ᠦᠭᠡᠢ᠃ ᠵᠥᠪᠬᠡᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠳᠤ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠭᠡᠷ ᠤᠨ ᠬᠦᠮᠦᠰ ᠯᠡ ᠰᠠᠶ᠋ᠢ ᠲᠤᠰ ᠲᠥᠷᠥ ᠶᠢᠨ ᠪᠣᠳᠣᠯᠭ᠎ᠠ ᠶᠢ ᠬᠦᠷᠲᠡᠨ᠎ᠡ᠃    ᠵᠢᠱᠢᠶᠡᠯᠡᠪᠡᠯ᠂ ᠯᠢ ᠮᠢᠩ ᠤᠨ ᠡᠵᠢ᠂ ᠬᠦᠦ ᠬᠢᠭᠡᠳ ᠬᠠᠳᠠᠮ ᠡᠴᠢᠭᠡ ᠨᠢ ᠴᠥᠮ ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠥᠭᠡᠳ ᠬᠤᠪᠢ ᠬᠥᠮᠥᠨ ᠤ ᠳᠠᠩᠰᠠᠨ ᠳᠤ ᠪᠠᠨ ᠦᠯᠡᠳᠡᠪᠦᠷᠢ ᠮᠦᠩᠭᠦ ᠲᠠᠢ᠃ ᠡᠭᠦᠨ ᠳᠤ ᠵᠥᠪᠬᠡᠨ ᠯᠢ ᠮᠢᠩ ᠤᠨ ᠬᠦᠦ ᠨᠢ ᠲᠡᠭᠦᠨ ᠲᠠᠢ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠠᠴᠠ ᠵᠥᠪᠬᠡᠨ ᠬᠦᠦ ᠶᠢᠨ ᠢᠶᠠᠨ ᠬᠤᠪᠢ ᠶᠢᠨ ᠲᠠᠩᠰᠠᠨ ᠤ ᠦᠯᠡᠳᠡᠪᠦᠷᠢ ᠮᠦᠩᠭᠦ ᠪᠠᠷ ᠵᠠᠷᠤᠳᠠᠯ ᠢᠶᠠᠨ ᠲᠥᠯᠥᠵᠦ ᠪᠣᠯᠣᠨ᠎ᠠ᠃ ᠡᠵᠢ ᠶᠢᠨ ᠬᠢᠨᠢ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠳᠤ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠡ ᠦᠭᠡᠢ ᠤᠴᠢᠷ ᠠᠴᠠ ᠬᠠᠮᠲᠤ ᠪᠠᠷ ᠬᠡᠷᠡᠭᠯᠡᠵᠦ ᠪᠣᠯᠬᠤ ᠦᠭᠡᠢ᠃ ᠬᠠᠳᠠᠮ ᠡᠴᠢᠭᠡ ᠨᠢ ︽ᠭᠡᠷ ᠪᠦᠯᠢ ᠬᠠᠮᠲᠤ ᠪᠠᠷ ᠬᠡᠷᠡᠭᠯᠡᠬᠦ︾ ᠭᠡᠰᠢᠭᠦᠳ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠲᠤᠯᠠ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠵᠦ ᠪᠣᠯᠬᠤ ᠦᠭᠡᠢ᠃    ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠳᠠᠭᠠᠳᠬᠠᠯ ᠤᠨ ᠺᠠᠷᠲ ᠲᠠᠬᠢ ᠬᠤᠪᠢ ᠬᠥᠮᠥᠨ ᠤ ᠳᠠᠩᠰᠠ ᠶᠢᠨ ᠰᠠᠭᠤᠷᠢ ᠮᠥᠩᠭᠦ ᠪᠠᠨ ᠡᠴᠢᠭᠡ ᠡᠬᠡ᠂ ᠡᠬᠡᠨᠡᠷ ︵ᠨᠥᠬᠦᠷ︶᠂ ᠦᠷ᠎ᠡ ᠬᠡᠦᠬᠡᠳ ᠲᠤ ᠪᠠᠨ ᠬᠡᠷᠡᠭᠯᠡᠭᠦᠯᠵᠦ ᠪᠣᠯᠣᠨ᠎ᠠ᠃ ᠭᠡᠪᠡᠴᠦ ᠡᠷᠬᠡᠪᠰᠢ ᠬᠤᠶᠠᠷ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ ᠨᠢᠭᠡ ᠳᠤ ᠲᠠᠨ ᠤ ᠡᠴᠢᠭᠡ ᠡᠬᠡ᠂ ᠡᠬᠡᠨᠡᠷ ︵ᠨᠥᠬᠦᠷ︶᠂ ᠦᠷ᠎ᠡ ᠬᠡᠦᠬᠡᠳ ᠴᠢᠨᠢ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ︵ᠠᠵᠢᠯᠲᠠᠨ ᠤ ᠡᠮᠴᠢᠯᠡᠭᠡᠨ ᠤ ᠳᠠᠭᠠᠳᠬᠠᠯ ᠪᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠪᠠᠭᠲᠠᠭᠠᠨ᠎ᠠ︶ ᠳᠤ ᠣᠷᠣᠯᠴᠠᠭᠰᠠᠨ ᠪᠠᠶᠢᠬᠤ ᠬᠡᠷᠡᠭᠲᠡᠢ︔ ᠬᠤᠶᠠᠷ ᠲᠤ ᠲᠠ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠ ᠶᠢᠨ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠪᠠᠶᠢᠬᠤ ᠬᠡᠷᠡᠭᠲᠡᠢ᠃ ᠡᠭᠦᠨ ᠤ ᠬᠠᠮᠲᠤ ᠪᠠᠰᠠ ᠠᠩᠬᠠᠷᠤᠭᠤᠰᠢᠲᠠᠢ ᠨᠢ᠄ ᠨᠢᠭᠡ ᠳᠤ ︽ᠭᠡᠷ ᠪᠦᠯᠢ ᠬᠠᠮᠲᠤ ᠪᠠᠷ ᠬᠡᠷᠡᠭᠯᠡᠬᠦ︾ ᠭᠡᠰᠢᠭᠦᠳ ᠤᠨ ᠬᠡᠪᠴᠢᠶᠡᠨ ᠳᠤ ᠡᠬᠡᠨᠡᠷ ︵ᠨᠥᠬᠦᠷ︶ ᠤᠨ ᠡᠴᠢᠭᠡ ᠡᠬᠡ ᠶᠢ ᠪᠠᠭᠲᠠᠭᠠᠬᠤ ᠦᠭᠡᠢ︔ ᠬᠤᠶᠠᠷ ᠲᠤ ᠬᠡᠷᠡᠭᠯᠡᠭᠴᠢ ᠨᠢ ᠬᠡᠷᠡᠭᠯᠡᠭᠦᠯᠦᠭᠴᠢ ᠶᠢᠨ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠬᠤ ᠬᠠᠷᠠᠭᠠᠯᠵᠠᠯ ᠢ ᠬᠦᠷᠲᠡᠵᠦ ᠴᠢᠳᠠᠬᠤ ᠦᠭᠡᠢ᠂ ᠳᠠᠷᠤᠢ ᠲᠠ ᠬᠤᠪᠢ ᠬᠥᠮᠥᠨ ᠤ ᠳᠠᠩᠰᠠᠨ ᠳᠠᠬᠢ ᠮᠦᠩᠭᠦ ᠪᠠᠨ ᠡᠴᠢᠭᠡ ᠡᠬᠡ ᠳᠤ ᠪᠠᠨ ᠬᠡᠷᠡᠭᠯᠡᠭᠦᠯᠵᠦ ᠪᠣᠯᠣᠨ᠎ᠠ᠂ ᠭᠡᠪᠡᠴᠦ ᠡᠴᠢᠭᠡ ᠡᠬᠡ ᠴᠢᠨᠢ ᠡᠪᠡᠳᠴᠢᠨ ᠢᠶᠠᠨ ᠦᠵᠡᠭᠦᠯᠦᠭᠡᠳ ᠬᠡᠳᠦᠢ ᠶᠢ ᠨᠢ ᠳᠠᠩᠰᠠ ᠲᠠᠶᠢᠯᠬᠤ ᠨᠢ ᠲᠡᠳᠡᠨ ᠤ ᠣᠷᠣᠯᠴᠠᠭᠰᠠᠨ ᠡᠮᠴᠢᠯᠡᠭᠡᠨ ᠤ ᠳᠠᠭᠠᠳᠬᠠᠯ ᠤᠨ ᠳᠦᠷᠢᠮ ᠢ ᠦᠨᠳᠦᠰᠦᠯᠡᠨ᠎ᠡ᠃ ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠣᠯ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠵᠣᠬᠢᠬᠤ ᠬᠠᠷᠠᠭᠠᠯᠵᠠᠯ ᠢ ᠬᠦᠷᠲᠡᠨ᠎ᠡ︔ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠣᠯ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠵᠣᠬᠢᠬᠤ ᠬᠠᠷᠠᠭᠠᠯᠵᠠᠯ ᠢ ᠬᠦᠷᠲᠡᠨ᠎ᠡ᠃    ᠠᠰᠠᠭᠤᠯᠲᠠ᠄ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠤ ᠳᠠᠷᠠᠭ᠎ᠠ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠬᠡᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠪᠣᠶ︖    ᠬᠠᠷᠢᠭᠤᠯᠲᠠ᠄ ᠶᠠᠮᠠᠷᠪᠠ ᠪᠠᠶᠢᠳᠠᠯ ᠳᠤ ᠴᠤ ᠪᠠᠶᠢᠲᠤᠭᠠᠢ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠡᠷᠬᠡᠪᠰᠢ ᠡᠪᠡᠳᠴᠢᠲᠡᠨ ᠲᠤᠰ ᠬᠥᠮᠥᠨ ᠤ ᠺᠠᠷᠲ ᠢ ᠬᠡᠷᠡᠭᠯᠡᠬᠦ ᠬᠡᠷᠡᠭᠲᠡᠢ᠃ ︽ᠭᠡᠷ ᠪᠦᠯᠢ ᠬᠠᠮᠲᠤ ᠪᠠᠷ ᠬᠡᠷᠡᠭᠯᠡᠬᠦ︾ ᠲᠥᠷᠥ ᠶᠢᠨ ᠪᠣᠳᠣᠯᠭ᠎ᠠ ᠳᠠᠬᠢ ︽ᠬᠠᠮᠲᠤ ᠪᠠᠷ ᠬᠡᠷᠡᠭᠯᠡᠬᠦ︾ ᠭᠡᠳᠡᠭ ᠨᠢ ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠤᠨ ᠬᠤᠪᠢ ᠬᠥᠮᠥᠨ ᠤ ᠳᠠᠩᠰᠠᠨ ᠳᠠᠬᠢ ᠮᠦᠩᠭᠦ᠂ ᠬᠠᠷᠢᠨ ᠡᠮᠴᠢᠯᠡᠭᠡᠨ ᠤ ᠳᠠᠭᠠᠳᠬᠠᠯ ᠤᠨ ᠺᠠᠷᠲ ᠲᠤᠰ ᠪᠡᠶ᠎ᠡ ᠨᠢ ᠪᠢᠰᠢ ᠶᠤᠮ᠃    ᠡᠮᠴᠢᠯᠡᠭᠡᠨ ᠤ ᠳᠠᠭᠠᠳᠬᠠᠯ ᠳᠤ ︽ᠥᠪᠡᠷ ᠢᠶᠠᠨ ᠳᠠᠭᠠᠳᠬᠠᠯ ᠳᠤ ᠣᠷᠣᠯᠴᠠᠵᠤ᠂ ᠥᠪᠡᠷ ᠢᠶᠠᠨ ᠬᠠᠷᠠᠭᠠᠯᠵᠠᠯ ᠬᠦᠷᠲᠡᠬᠦ︾ ᠵᠠᠷᠴᠢᠮ ᠢ ᠵᠢᠷᠤᠮᠯᠠᠨ᠎ᠠ᠃ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠤ ᠳᠠᠷᠠᠭ᠎ᠠ ᠲᠤᠰ ᠵᠠᠷᠴᠢᠮ ᠦᠯᠦ ᠬᠤᠪᠢᠷᠠᠨ᠎ᠠ᠂ ᠳᠠᠭᠠᠳᠬᠠᠯ ᠳᠤ ᠣᠷᠣᠯᠴᠠᠭᠴᠢ ᠮᠥᠨ ᠯᠠ ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠢᠶᠠᠨ ᠡᠪᠡᠳᠴᠢᠨ ᠢᠶᠠᠨ ᠦᠵᠡᠭᠦᠯᠵᠦ᠂ ᠲᠣᠭᠲᠠᠭᠠᠯ ᠶᠣᠰᠣᠭᠠᠷ ᠥᠪᠡᠷ ᠤᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢᠶᠠᠨ ᠬᠦᠷᠲᠡᠨ᠎ᠡ᠃    ᠣᠶᠢᠯᠠᠭᠠᠮᠵᠢᠲᠠᠢ ᠪᠠᠷ ᠬᠡᠯᠡᠪᠡᠯ᠂ ᠮᠦᠩᠭᠦ ᠶᠢ ᠬᠠᠮᠲᠤ ᠪᠠᠷ ᠬᠡᠷᠡᠭᠯᠡᠵᠦ ᠪᠣᠯᠣᠨ᠎ᠠ᠂ ᠺᠠᠷᠲ ᠢ ᠬᠠᠮᠲᠤ ᠪᠠᠷ ᠬᠡᠷᠡᠭᠯᠡᠵᠦ ᠪᠣᠯᠬᠤ ᠦᠭᠡᠢ᠃ ᠢᠩᠭᠢᠪᠡᠯ ᠣᠯᠠᠨ ᠠᠳᠡᠭᠦᠷᠡᠯ ᠢ ᠪᠠᠭᠠᠰᠬᠠᠵᠤ ᠴᠢᠳᠠᠨ᠎ᠠ᠃    ᠠᠰᠠᠭᠤᠯᠲᠠ᠄ ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠨ ᠬᠡᠷᠡᠭᠯᠡᠬᠦ ᠦᠭᠡᠢ ᠪᠠᠷ ᠡᠮᠴᠢᠯᠡᠭᠦᠯᠪᠡᠯ ᠶᠠᠮᠠᠷ ᠦᠷ᠎ᠡ ᠳ᠋ᠦᠩ ᠳᠤ ᠬᠦᠷᠬᠦ ᠪᠣᠢ︖    ᠬᠠᠷᠢᠭᠤᠯᠲᠠ᠄ ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠢᠶᠠᠨ ᠳ᠋ᠤᠭᠠᠷᠯᠠᠵᠤ ᠡᠮᠴᠢᠯᠡᠭᠦᠯᠬᠦ ᠦᠭᠡᠢ ᠪᠣᠯ ᠳᠠᠷᠤᠢ ︽ᠬᠠᠭᠤᠷᠮᠠᠭᠯᠠᠨ ᠡᠮᠴᠢᠯᠡᠭᠦᠯᠬᠦ︾ ᠶᠠᠪᠤᠳᠠᠯ ᠪᠣᠯᠣᠨ᠎ᠠ᠂ ᠬᠥᠩᠭᠡᠨ ᠪᠣᠯ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ ᠳ᠋ᠦᠩᠨᠡᠨ ᠪᠤᠳᠤᠬᠤ ᠶᠢ ᠲᠦᠷ ᠵᠣᠭᠰᠣᠭᠠᠵᠤ᠂ ᠬᠦᠨᠳᠦ ᠪᠣᠯ ᠬᠠᠤᠯᠢ ᠶᠢ ᠵᠦᠷᠢᠴᠡᠭᠰᠡᠨ ᠶᠠᠯ᠎ᠠ ᠪᠣᠯᠣᠨ᠎ᠠ᠃    ︽ᠬᠠᠭᠤᠷᠮᠠᠭᠯᠠᠨ ᠡᠮᠴᠢᠯᠡᠭᠦᠯᠬᠦ︾ ᠭᠡᠳᠡᠭ ᠨᠢ ᠳᠠᠷᠤᠢ ᠬᠠᠤᠯᠢ ᠪᠤᠰᠤ ᠪᠠᠷ ᠥᠪᠡᠷ ᠲᠤ ᠪᠠᠨ ᠡᠵᠡᠷᠬᠡᠨ ᠡᠵᠡᠯᠡᠬᠦ ᠪᠠᠷ ᠵᠣᠷᠢᠯᠭ᠎ᠠ ᠪᠣᠯᠭᠠᠨ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠶᠢ ᠬᠠᠭᠤᠷᠮᠠᠭᠯᠠᠨ ᠬᠡᠷᠡᠭᠯᠡᠵᠦ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠳ᠋ᠤᠭᠠᠷᠯᠠᠨ ᠡᠮᠴᠢᠯᠡᠭᠦᠯᠬᠦ ᠶᠢᠨ ᠬᠠᠮᠲᠤ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ ᠬᠠᠷᠠᠭᠠᠯᠵᠠᠯ ᠢ ᠬᠦᠷᠲᠡᠭᠡᠳ᠂ ᠡᠭᠦᠨ ᠢᠶᠠᠷ ᠢᠶᠠᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠶᠤᠮ᠃ ᠡᠭᠦᠨ ᠳᠠᠬᠢ ︽ᠪᠤᠰᠤᠳ︾ ᠭᠡᠳᠡᠭ ᠨᠢ ᠳᠠᠭᠠᠳᠬᠠᠯ ᠳᠤ ᠣᠷᠣᠯᠴᠠᠭᠴᠢ ᠲᠣᠰ ᠬᠥᠮᠥᠨ ᠠᠴᠠ ᠪᠤᠰᠤᠳ ᠶᠠᠮᠠᠷᠪᠠ ᠬᠥᠮᠥᠨ ᠢ ᠵᠢᠭᠠᠵᠤ ᠪᠠᠶᠢᠨ᠎ᠠ᠂ ᠳᠠᠷᠤᠢ ᠱᠠᠭᠠᠷᠳᠠᠯᠭ᠎ᠠ ᠶᠣᠰᠣᠭᠠᠷ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠦᠭᠡᠢ ᠭᠡᠷ ᠪᠦᠯᠢ ᠶᠢᠨ ᠭᠡᠰᠢᠭᠦᠳ ᠢ ᠪᠠᠭᠲᠠᠭᠠᠨ᠎ᠠ᠃    ︽ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠡᠷᠡᠭᠯᠡᠬᠦ ᠶᠢ ᠬᠢᠨᠠᠵᠤ ᠬᠠᠮᠢᠶᠠᠷᠬᠤ ᠳᠦᠷᠢᠮ︾ ᠤᠨ ᠠᠷᠪᠠᠨ ᠳᠣᠯᠣᠳᠤᠭᠠᠷ ᠵᠦᠢᠯ ᠳᠤ᠂ ︽ᠳᠠᠭᠠᠳᠬᠠᠯ ᠳᠤ ᠣᠷᠣᠯᠴᠠᠭᠰᠠᠳ ᠥᠪᠡᠷ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠪᠠᠷ ᠢᠶᠠᠨ ᠡᠮᠴᠢᠯᠡᠭᠦᠯᠵᠦ᠂ ᠡᠮ ᠬᠤᠳᠠᠯᠳᠤᠨ ᠠᠪᠴᠤ᠂ ᠪᠠᠰᠠ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠯᠭᠠᠯᠲᠠ ᠶᠢ ᠬᠦᠯᠢᠶᠡᠪᠡᠯ ᠵᠣᠬᠢᠨ᠎ᠡ︾ ᠭᠡᠵᠦ ᠲᠣᠳᠣᠷᠬᠠᠢ ᠲᠣᠭᠲᠠᠭᠠᠵᠠᠢ᠃ ᠮᠥᠨ ᠳᠥᠴᠢᠨ ᠨᠢᠭᠡᠳᠦᠭᠡᠷ ᠵᠦᠢᠯ ᠳᠤ ︽ᠥᠪᠡᠷ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠪᠠᠨ ᠪᠤᠰᠤᠳ ᠲᠤ ᠥᠭᠴᠦ ᠬᠠᠭᠤᠷᠮᠠᠭᠯᠠᠨ ᠬᠡᠷᠡᠭᠯᠡᠭᠦᠯᠦᠭᠡᠳ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠬᠢᠷᠠᠭᠤᠯᠤᠭᠰᠠᠨ ᠪᠠᠶᠢᠪᠠᠯ ᠂ ᠠᠯᠪᠠᠳᠠᠨ ᠪᠤᠴᠠᠭᠠᠯᠭᠠᠨ᠎ᠠ︔ ᠳᠠᠭᠠᠳᠬᠠᠯ ᠳᠤ ᠣᠷᠣᠯᠴᠠᠭᠰᠠᠳ ᠲᠤ ᠲᠣᠭᠠᠴᠠᠭᠳᠠᠪᠠᠯ᠂ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ ᠳ᠋ᠦᠩᠨᠡᠨ ᠪᠤᠳᠤᠬᠤ ᠶᠢ 3 ᠠᠴᠠ 12 ᠰᠠᠷ᠎ᠠ ᠲᠦᠷ ᠵᠣᠭᠰᠣᠭᠠᠨ᠎ᠠ︔ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠪᠠᠷ ᠬᠠᠭᠤᠷᠮᠠᠭᠯᠠᠨ ᠡᠮᠴᠢᠯᠡᠭᠦᠯᠵᠦ᠂ ᠡᠮ ᠬᠤᠳᠠᠯᠳᠤᠨ ᠠᠪᠤᠭᠠᠳ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠬᠢᠷᠠᠭᠤᠯᠤᠭᠰᠠᠨ ᠪᠠᠶᠢᠪᠠᠯ᠂ ᠮᠡᠬᠡᠯᠡᠭᠰᠡᠨ ᠮᠦᠩᠭᠦᠨ ᠤ 2 ᠳᠠᠬᠢᠨ ᠠᠴᠠ ᠳᠡᠭᠡᠭᠰᠢ 5 ᠳᠠᠬᠢᠨ ᠠᠴᠠ ᠳᠣᠷᠣᠭᠰᠢ ᠮᠦᠩᠭᠦ ᠪᠠᠷ ᠲᠣᠷᠭᠠᠪᠠᠯ ᠵᠣᠬᠢᠨ᠎ᠠ︾ ᠭᠡᠵᠦ ᠲᠣᠳᠣᠷᠬᠠᠢ ᠵᠢᠭᠠᠨ ᠭᠠᠷᠭᠠᠵᠠᠢ᠃ ᠬᠡᠷᠪᠡ ᠬᠤᠯᠪᠤᠭᠳᠠᠬᠤ ᠵᠣᠭᠤᠰ ᠨᠢ ᠨᠡᠯᠢᠶᠡᠳ ᠶᠡᠭᠡ᠂ ᠦᠢᠯᠡ ᠶᠠᠪᠤᠳᠠᠯ ᠨᠢ ᠬᠦᠨᠳᠦ ᠨᠣᠴᠢᠲᠠᠢ ᠪᠠᠶᠢᠪᠠᠯ ᠪᠠᠰᠠ ᠬᠠᠭᠤᠷᠤᠨ ᠮᠡᠬᠡᠯᠡᠭᠰᠡᠨ ᠶᠠᠯ᠎ᠠ ᠪᠣᠯᠣᠨ᠎ᠠ᠃    ᠵᠢᠱᠢᠶᠡᠯᠡᠪᠡᠯ᠂ ︽ᠡᠶᠢᠮᠦᠷᠬᠦᠦ ᠵᠢᠭᠠᠬᠠᠨ ᠶᠠᠪᠤᠳᠠᠯ ᠢ ᠬᠠᠪᠰᠤᠷᠴᠤ ᠪᠣᠯᠬᠤ ᠦᠭᠡᠢ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ ᠰᠢᠢᠳᠬᠡᠭᠳᠡᠨ᠎ᠡ︕︾ ᠵᠣᠬᠢᠶᠠᠯ ᠳᠤ ᠳᠤᠷᠠᠳᠤᠭᠰᠠᠨ ᠰᠢᠶᠣᠤ ᠴᠢᠩ᠂ ᠪᠦᠯᠦ ᠥᠬᠢᠨ ᠳᠡᠭᠦᠦ ᠰᠢᠶᠣᠤ ᠯᠠᠨ ᠤ ᠪᠠᠨ ᠡᠮᠴᠢᠯᠡᠭᠡᠨ ᠤ ᠳᠠᠭᠠᠳᠬᠠᠯ ᠤᠨ ᠺᠠᠷᠲ ᠢ ᠰᠢᠭᠤᠳ ᠬᠡᠷᠡᠭᠯᠡᠨ ᠳ᠋ᠤᠭᠠᠷᠯᠠᠵᠤ ᠡᠮᠴᠢᠯᠡᠭᠦᠯᠦᠭᠰᠡᠨ ᠨᠢ ᠳᠠᠷᠤᠢ ᠬᠠᠭᠤᠷᠮᠠᠭᠯᠠᠨ ᠡᠮᠴᠢᠯᠡᠭᠦᠯᠦᠭᠰᠡᠨ ᠳᠤ ᠬᠠᠷᠢᠶᠠᠯᠠᠭᠳᠠᠨ᠎ᠠ᠃ ᠳᠠᠬᠢᠨ ᠵᠢᠱᠢᠶᠡᠯᠡᠪᠡᠯ᠂ ᠠᠨᠾᠦ᠋ᠢ ᠶᠢᠨ ᠰᠢᠦᠢ ᠣᠪᠣᠭᠲᠤ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠨᠢᠭᠡᠨ ᠡᠮᠨᠡᠯᠭᠡ ᠶᠢᠨ ᠬᠤᠷᠢᠶᠠᠨ ᠳᠤ ᠡᠪᠡᠳᠴᠢᠨ ᠢᠶᠠᠨ ᠦᠵᠡᠭᠦᠯᠵᠦ ᠡᠮ ᠬᠤᠳᠠᠯᠳᠤᠨ ᠠᠪᠤᠭᠰᠠᠨ ᠪᠥᠭᠡᠳ ᠪᠤᠰᠤᠳ ᠤᠨ ᠡᠭᠦᠳᠡᠨ ᠡᠮᠨᠡᠯᠭᠡ ᠶᠢᠨ ᠤᠵᠢᠭ ᠡᠪᠡᠳᠴᠢᠨ ᠤ ᠲᠠᠩᠰᠠ ᠲᠠᠶᠢᠯᠬᠤ ᠬᠠᠷᠠᠭᠠᠯᠵᠠᠯ ᠢ ᠬᠦᠷᠲᠡᠵᠦ᠂ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢ 12 ᠲᠦᠮᠡ ᠭᠠᠷᠤᠢ ᠲᠥᠭᠦᠷᠢᠭ ᠮᠡᠬᠡᠯᠡᠨ ᠣᠯᠣᠭᠰᠠᠨ ᠪᠥᠭᠡᠳ ᠡᠮ ᠤᠨ ᠵᠦᠢᠯ ᠢ ᠬᠤᠶᠠᠳᠠᠭᠢ ᠤᠳᠠᠭ᠎ᠠ ᠪᠣᠷᠤᠯᠠᠭᠤᠯᠤᠭᠠᠳ ᠬᠠᠤᠯᠢ ᠠᠴᠠ ᠵᠥᠷᠢᠴᠡᠭᠰᠡᠨ ᠣᠯᠵᠠᠪᠤᠷᠢ 1.5 ᠲᠦᠮᠡᠨ ᠲᠥᠭᠦᠷᠢᠭ ᠣᠯᠵᠤ᠂ ᠡᠴᠦᠰ ᠲᠤ ᠪᠠᠨ ᠬᠤᠶᠠᠷ ᠵᠢᠯ ᠵᠢᠷᠭᠤᠭᠠᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ ᠶᠠᠯ᠎ᠠ ᠪᠠᠷ ᠰᠢᠢᠳᠬᠡᠭᠳᠡᠭᠰᠡᠨ ᠮᠥᠷᠲᠡᠭᠡᠨ ᠲᠠᠪᠤᠨ ᠮᠢᠩᠭᠠᠨ ᠲᠥᠭᠦᠷᠢᠭ ᠢᠶᠠᠷ ᠲᠣᠷᠭᠠᠭᠳᠠᠪᠠ᠃ ᠰᠢᠦᠢ ᠣᠪᠣᠭᠲᠤ ᠶᠢᠨ ᠦᠢᠯᠡ ᠠᠵᠢᠯᠯᠠᠭ᠎ᠠ ᠨᠢ ︽ᠬᠠᠭᠤᠷᠮᠠᠭᠯᠠᠨ ᠡᠮᠴᠢᠯᠡᠭᠦᠯᠦᠭᠰᠡᠨ︾ ᠳᠤ ᠲᠣᠭᠠᠴᠠᠭᠳᠠᠬᠤ ᠪᠠᠷ ᠦᠯᠦ ᠪᠠᠷᠠᠮ ᠪᠠᠰᠠ ᠶᠠᠯ᠎ᠠ ᠬᠢᠭᠰᠡᠨ ᠶᠠᠪᠤᠳᠠᠯ ᠪᠣᠯᠣᠭᠰᠠᠨ ᠠᠴᠠ ᠰᠢᠭᠦᠬᠦ ᠬᠤᠷᠢᠶ᠎ᠠ ︽ᠡᠷᠡᠭᠦᠦ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠤᠳ ᠢ ᠦᠨᠳᠦᠰᠦᠯᠡᠨ ᠲᠡᠭᠦᠨ ᠢ ᠰᠢᠭᠦᠨ ᠲᠠᠰᠤᠯᠪᠠ    ᠠᠰᠠᠭᠤᠯᠲᠠ᠄ ᠨᠠᠰᠤᠲᠠᠨ ᠬᠥᠳᠡᠯᠵᠦ ᠪᠠᠷᠢᠬᠤ ᠳᠤ ᠪᠠᠨ ᠳᠥᠭᠦᠮ ᠦᠭᠡᠢ᠂ ᠦᠷ᠎ᠡ ᠬᠡᠦᠬᠡᠳ ᠨᠢ ᠲᠡᠳᠡᠨ ᠢ ᠬᠠᠪᠰᠤᠷᠴᠤ ᠡᠮ ᠬᠤᠳᠠᠯᠳᠤᠨ ᠠᠪᠴᠤ ᠥᠭᠴᠦ ᠪᠣᠯᠣᠨ᠎ᠠ ᠦᠦ︖    ᠬᠠᠷᠢᠭᠤᠯᠲᠠ᠄ ᠪᠣᠯᠣᠨ᠎ᠠ᠃ ︽ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠡᠷᠡᠭᠯᠡᠬᠦ ᠶᠢ ᠬᠢᠨᠠᠨ ᠬᠠᠮᠢᠶᠠᠷᠬᠤ ᠳᠦᠷᠢᠮ︾ ᠤᠨ ᠠᠷᠪᠠᠨ ᠳᠣᠯᠣᠳᠤᠭᠠᠷ ᠵᠦᠢᠯ ᠤᠨ ᠬᠤᠶᠠᠳᠤᠭᠠᠷ ᠪᠠᠳᠠᠭ ᠲᠤ᠄ ︽ᠣᠨᠴᠠᠭᠠᠶ ᠰᠢᠯᠲᠠᠭᠠᠨ ᠠᠴᠠ ᠪᠣᠯᠵᠤ ᠪᠤᠰᠤᠳ ᠲᠤ ᠨᠠᠶᠢᠳᠠᠨ ᠡᠮ ᠬᠤᠳᠠᠯᠳᠤᠨ ᠠᠪᠤᠭᠤᠯᠬᠤ ᠴᠢᠬᠤᠯᠠᠲᠠᠢ ᠪᠣᠯ᠂ ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ ᠪᠡᠶ᠎ᠡ ᠶᠢᠨ ᠦᠨᠡᠮᠯᠡᠯ ᠢᠶᠠᠨ ᠬᠠᠩᠭᠠᠪᠠᠯ ᠵᠣᠬᠢᠨ᠎ᠠ︾ ᠭᠡᠵᠦ ᠲᠣᠳᠣᠷᠬᠠᠢ ᠲᠣᠭᠲᠠᠭᠠᠵᠠᠢ᠃    ᠡᠶᠢᠮᠦ ᠠᠴᠠ᠂ ᠨᠠᠰᠤᠲᠠᠨ ᠬᠥᠳᠡᠯᠵᠦ ᠪᠠᠷᠢᠬᠤ ᠳᠤ ᠪᠠᠨ ᠳᠥᠭᠦᠮ ᠦᠭᠡᠢ ᠵᠡᠷᠭᠡ ᠣᠨᠴᠠᠭᠠᠢ ᠪᠠᠶᠢᠳᠠᠯ ᠳᠤ᠂ ᠦᠷ᠎ᠡ ᠬᠡᠦᠬᠡᠳ ᠨᠢ ᠣᠷᠣᠯᠠᠨ ᠡᠮ ᠬᠤᠳᠠᠯᠳᠤᠨ ᠠᠪᠴᠤ ᠥᠭᠴᠦ ᠪᠣᠯᠣᠨ᠎ᠠ᠃ ᠭᠡᠪᠡᠴᠦ ᠡᠮ ᠬᠤᠳᠠᠯᠳᠤᠨ ᠠᠪᠬᠤ ᠳᠤ ᠪᠠᠨ ᠡᠮ ᠤᠤᠭᠤᠬᠤ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ ᠪᠥᠭᠡᠳ ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠢ᠃    ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠤ ᠮᠦᠩᠭᠦ ᠶᠢ ᠭᠡᠷ ᠪᠦᠯᠢ ᠬᠠᠮᠲᠤ ᠪᠠᠷ ᠬᠡᠷᠡᠭᠯᠡᠵᠦ ᠪᠣᠯᠣᠨ᠎ᠠ᠂ ᠭᠡᠪᠡᠴᠦ ᠶᠠᠮᠠᠷᠪᠠ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠠᠮᠲᠤ ᠪᠠᠷ ᠬᠡᠷᠡᠭᠯᠡᠵᠦ ᠪᠣᠯᠬᠤ ᠦᠭᠡᠢ ᠭᠡᠳᠡᠭ ᠢ ᠪᠠᠲᠤ ᠴᠡᠭᠡᠵᠢᠯᠡᠭᠡᠷᠡᠢ︕  
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号