ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠥᠩᠭᠡᠷᠡᠭᠰᠡᠨ ᠪᠣᠯ ᠬᠤᠶᠢᠰᠢ ᠳᠠᠬᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠥᠯᠥᠭᠡᠯᠡᠬᠦ ᠤᠤ︖
ᠨᠡᠶᠢᠲᠡᠯᠡᠭᠰᠡᠨ ᠴᠠᠭ᠄
2024/6/18
      ᠬᠦᠳᠡᠯᠮᠦᠷᠢᠴᠢᠳ ᠠᠵᠢᠯ ᠤᠨ ᠪᠠᠶᠢᠷᠢᠨ ᠳᠤ ᠪᠠᠶᠢᠬᠤ ᠬᠤᠭᠤᠴᠠᠭᠠᠨ ᠳᠤ ᠪᠠᠨ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠵᠤ᠂ ᠠᠵᠢᠯ ᠠᠯᠳᠠᠭᠰᠠᠨ ᠤ ᠳᠠᠷᠠᠭ᠎ᠠ ᠬᠤᠯᠪᠣᠭᠳᠠᠯ ᠪᠦᠬᠦᠢ ᠨᠥᠬᠦᠴᠡᠯ ᠳᠤ ᠨᠡᠶᠢᠴᠡᠭᠰᠡᠨ ᠪᠠᠶᠢᠪᠠᠯ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠣᠯᠣᠨ᠎ᠠ᠃    ᠭᠤᠶᠤᠴᠢᠯᠠᠨ ᠠᠪᠬᠤ ᠨᠥᠬᠦᠴᠡᠯ ᠵᠢᠴᠢ ᠪᠠᠷᠢᠮᠵᠢᠶ᠎ᠠ    1 ᠵᠢᠯ ᠠᠴᠠ ᠳᠡᠭᠡᠭᠰᠢ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠬᠤ    ᠲᠤᠰ ᠬᠥᠮᠥᠨ ᠤ ᠰᠠᠨᠠᠭᠠᠨ ᠠᠴᠠ ᠪᠤᠰᠤ ᠰᠢᠯᠲᠠᠭᠠᠨ ᠢᠶᠠᠷ ᠠᠵᠢᠯ ᠢᠶᠠᠨ ᠲᠠᠰᠤᠯᠳᠠᠭᠤᠯᠤᠭᠰᠠᠨ   ᠬᠥᠮᠥᠨ ᠬᠡᠷᠡᠭᠯᠡᠬᠦ ᠨᠢᠭᠡᠴᠢ ᠪᠠ ᠬᠤᠪᠢ ᠬᠥᠮᠥᠨ ᠳᠠᠭᠠᠳᠬᠠᠯ ᠤᠨ ᠰᠦᠢᠳᠬᠡᠯ ᠲᠤᠰᠢᠶᠠᠭᠠᠳ ᠨᠡᠶᠢᠲᠡ ᠪᠦᠬᠦᠯᠢ 1 ᠵᠢᠯ ᠪᠣᠯᠣᠭᠰᠠᠨ ᠪᠣᠯᠪᠠᠴᠤ 5 ᠵᠢᠯ ᠪᠣᠯᠤᠭ᠎ᠠ ᠦᠭᠡᠢ ᠪᠣᠯ ᠬᠠᠮᠤᠭ ᠤᠷᠲᠤ ᠳᠤ ᠪᠠᠨ 12 ᠰᠠᠷ᠎ᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠣᠯᠣᠨ᠎ᠠ︔ ᠰᠦᠢᠳᠬᠡᠯ ᠲᠤᠰᠢᠶᠠᠭᠠᠳ ᠨᠡᠶᠢᠲᠡ ᠪᠦᠬᠦᠯᠢ 5 ᠵᠢᠯ ᠪᠣᠯᠤᠭᠰᠠᠨ ᠪᠣᠯᠪᠠᠴᠤ 10 ᠵᠢᠯ ᠪᠣᠯᠤᠭ᠎ᠠ ᠦᠭᠡᠢ ᠪᠣᠯ ᠬᠠᠮᠤᠭ ᠤᠷᠲᠤ ᠳᠤ ᠪᠠᠨ 18 ᠰᠠᠷ᠎ᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠣᠯᠣᠨ᠎ᠠ︔ ᠨᠡᠶᠢᠲᠡ 10 ᠵᠢᠯ ᠠᠴᠠ ᠳᠡᠭᠡᠭᠰᠢ ᠰᠦᠢᠳᠬᠡᠯ ᠲᠤᠰᠢᠶᠠᠭᠰᠠᠨ ᠪᠣᠯ ᠬᠠᠮᠤᠭ ᠤᠷᠲᠤ ᠳᠤ ᠪᠠᠨ 24 ᠰᠠᠷ᠎ᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠣᠯᠣᠨ᠎ᠠ᠃     ᠪᠢ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠥᠩᠭᠡᠷᠡᠵᠡᠢ᠂ ᠬᠤᠶᠢᠰᠢ ᠳᠠᠬᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠥᠯᠥᠭᠡᠯᠡᠬᠦ ᠦᠦ︖     ᠠᠵᠢᠯ ᠠᠴᠠ ᠪᠠᠨ ᠠᠮᠠᠷᠠᠭᠰᠠᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠣᠳᠣᠬᠤ ᠳᠤ᠂ ᠰᠦᠢᠳᠬᠡᠯ ᠲᠤᠰᠢᠶᠠᠬᠤ ᠰᠠᠭᠤᠷᠢ ᠲᠤᠭ᠎ᠠ᠂ ᠰᠦᠢᠳᠬᠡᠯ ᠲᠤᠰᠢᠶᠠᠬᠤ ᠬᠠᠷᠢᠴᠠᠯ᠂ ᠰᠦᠢᠳᠬᠡᠯ ᠲᠤᠰᠢᠶᠠᠭᠰᠠᠨ ᠬᠤᠭᠤᠴᠠᠭ᠎ᠠ ᠬᠢᠭᠡᠳ ᠠᠵᠢᠯ ᠠᠴᠠ ᠪᠠᠨ ᠠᠮᠠᠷᠠᠬᠤ ᠠᠴᠠ ᠡᠮᠦᠨᠡᠬᠢ ᠨᠢᠭᠡ ᠵᠢᠯ ᠤᠨ ᠠᠵᠢᠯᠯᠠᠵᠤ ᠪᠠᠶᠢᠭ᠎ᠠ ᠠᠵᠢᠯᠲᠠᠨ ᠤ ᠰᠠᠷ᠎ᠠ ᠶᠢᠨ ᠳᠤᠮᠳᠠᠴᠢ ᠴᠠᠯᠢᠩ ᠵᠡᠷᠭᠡ ᠬᠦᠴᠦᠨ ᠵᠦᠢᠯ ᠤᠳ ᠲᠠᠢ ᠬᠤᠯᠪᠣᠭᠳᠠᠵᠤ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠭᠰᠠᠨ ᠡᠰᠡᠬᠦ ᠲᠠᠢ ᠬᠤᠯᠪᠣᠭᠳᠠᠬᠤ ᠦᠭᠡᠢ᠃    ᠠᠵᠢᠯ ᠠᠯᠳᠠᠭᠰᠠᠳ ᠬᠡᠷᠪᠡ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠨ ᠲᠠᠰᠤᠯᠳᠠᠭᠤᠯᠬᠤ ᠦᠭᠡᠢ ᠭᠡᠪᠡᠯ ᠬᠤᠪᠢ ᠬᠥᠮᠥᠨ ᠤ ᠬᠢᠷᠢ ᠭᠡᠮ ᠢᠶᠠᠷ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠲᠤᠰᠢᠶᠠᠵᠤ ᠪᠣᠯᠣᠨ᠎ᠠ    ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠪᠠᠨ ᠬᠤᠪᠢ ᠬᠥᠮᠥᠨ ᠤ ᠬᠢᠷᠢ ᠭᠡᠮ ᠢᠶᠠᠷ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ ᠪᠣᠯᠣᠨ᠎ᠠ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠬᠠᠤᠯᠢ ᠶᠣᠰᠣᠭᠠᠷ ᠠᠪᠬᠤ ᠪᠠᠨ ᠵᠣᠭᠰᠤᠭᠠᠬᠤ ᠬᠡᠷᠡᠭᠲᠡᠢ ᠪᠠᠶᠢᠳᠠᠯ ᠭᠠᠷᠤᠭᠰᠠᠨ ᠦᠭᠡᠢ ᠪᠠᠶᠢᠪᠠᠯ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠠᠵᠢᠯ ᠠᠯᠳᠠᠭᠰᠠᠨ ᠳᠠᠭᠠᠳᠬᠠᠯ ᠤᠨ ᠣᠯᠭᠤᠮᠵᠢ ᠶᠢ ᠨᠢ ᠵᠣᠭᠰᠣᠭᠠᠵᠤ ᠪᠣᠯᠬᠤ ᠦᠭᠡᠢ᠃    ᠲᠤᠬᠠᠶᠢᠯᠠᠪᠠᠯ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠨᠢ ᠠᠵᠢᠯ ᠠᠯᠳᠠᠭᠰᠠᠳ ᠤᠨ ᠬᠤᠪᠢ ᠬᠥᠮᠥᠨ ᠤ ᠬᠢᠷᠢ ᠭᠡᠮ ᠢᠶᠠᠷ ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠦᠷᠭᠦᠯᠵᠢᠯᠡᠨ ᠲᠤᠰᠢᠶᠠᠬᠤ ᠶᠢ ᠨᠥᠯᠥᠭᠡᠯᠡᠬᠦ ᠦᠭᠡᠢ ᠪᠥᠭᠡᠳ ᠬᠤᠪᠢ ᠬᠥᠮᠥᠨ ᠤ ᠬᠢᠷᠢ ᠭᠡᠮ ᠢᠶᠠᠷ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠠᠴᠠ ᠪᠣᠯᠵᠤ ᠠᠵᠢᠯ ᠠᠯᠳᠠᠭᠰᠠᠳ ᠤᠨ ᠳᠠᠭᠠᠳᠬᠠᠯ ᠤᠨ ᠣᠯᠭᠤᠮᠵᠢ ᠣᠯᠭᠤᠬᠤ ᠶᠢ ᠵᠣᠭᠰᠤᠭᠠᠬᠤ ᠦᠭᠡᠢ ᠶᠤᠮ᠃    ᠲᠡᠭᠡᠪᠡᠯ ᠠᠵᠢᠯ ᠠᠯᠳᠠᠭᠰᠠᠨ ᠬᠤᠭᠤᠴᠠᠭᠠᠨ ᠳᠤ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠨ ᠲᠠᠰᠤᠯᠳᠠᠭᠤᠯᠬᠤ ᠠᠴᠠ ᠬᠡᠷᠬᠢᠨ ᠵᠠᠶᠢᠯᠠᠰᠬᠢᠬᠦ ᠪᠤᠢ︖    ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠠᠵᠢᠯ ᠠᠯᠳᠠᠭᠰᠠᠳ ᠤᠨ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠲᠡᠭᠦᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠦᠢᠳᠬᠡᠯ ᠢ ᠣᠷᠣᠯᠠᠨ ᠲᠤᠰᠢᠶᠠᠵᠤ ᠥᠭᠭᠦᠨ᠎ᠡ᠃ ᠬᠤᠪᠢ ᠬᠥᠮᠥᠨ ᠠᠮᠢᠳᠤᠯᠢᠭ ᠢᠶᠠᠷ ᠠᠵᠢᠯ ᠣᠯᠣᠭᠰᠠᠳ ᠤᠨ ᠬᠢᠷᠢ ᠭᠡᠮ ᠢᠶᠠᠷ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ᠂ ᠲᠤᠰᠢᠶᠠᠬᠤ ᠪᠠᠨ ᠲᠠᠰᠤᠯᠳᠠᠭᠤᠯᠬᠤ ᠠᠴᠠ ᠵᠠᠶᠢᠯᠠᠰᠬᠢᠵᠤ ᠪᠣᠯᠣᠨ᠎ᠠ᠃    ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠬᠤᠪᠢ ᠬᠦᠮᠦᠨ ᠤ ᠬᠢᠷᠢ ᠭᠡᠮ ᠢᠶᠠᠷ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠨᠢ ᠲᠡᠭᠦᠨ ᠤ ᠠᠵᠢᠯ ᠠᠯᠳᠠᠭᠰᠠᠳ ᠤᠨ ᠳᠠᠭᠠᠳᠬᠠᠯ ᠤᠨ ᠣᠯᠭᠤᠮᠵᠢ ᠬᠦᠷᠲᠡᠬᠦ ᠶᠢ ᠨᠦᠯᠦᠭᠡᠯᠡᠬᠦ ᠦᠭᠡᠢ ᠶᠤᠮ᠃    ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠭᠰᠠᠨ ᠪᠣᠯ ᠨᠠᠰᠤᠵᠢᠯ ᠤᠨ ᠳᠠᠭᠠᠳᠬᠠᠯ ᠢ ᠡᠷᠬᠡᠪᠰᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠬᠠᠮᠲᠤ ᠰᠢᠯᠵᠢᠭᠦᠯᠬᠦ ᠬᠡᠷᠡᠭᠲᠡᠢ ᠤᠤ︖    ᠴᠢᠬᠤᠯᠠ ᠦᠭᠡᠢ᠂ ︽ᠠᠵᠢᠯ ᠠᠯᠳᠠᠭᠰᠠᠳ ᠤᠨ ᠳᠠᠭᠠᠳᠬᠠᠯ ᠤᠨ ᠬᠠᠷᠢᠴᠠᠭ᠎ᠠ ᠶᠢ ᠮᠤᠵᠢ ᠠᠯᠤᠰᠯᠠᠨ ᠰᠢᠯᠵᠢᠭᠦᠯᠦᠨ ᠦᠷᠭᠦᠯᠵᠢᠯᠡᠭᠦᠯᠬᠦ ᠲᠤᠬᠠᠢ ᠮᠡᠳᠡᠭᠳᠡᠯ︾ ᠳᠤ᠂ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠠᠮᠤᠭ ᠡᠴᠦᠰ ᠲᠤ ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠵᠢᠴᠢ ᠪᠤᠰᠤᠳ ᠬᠠᠮᠢᠶ᠎ᠠ ᠪᠦᠬᠦᠢ ᠣᠯᠭᠤᠮᠵᠢ ᠭᠤᠶᠤᠴᠢᠯᠠᠵᠤ ᠪᠣᠯᠣᠨ᠎ᠠ᠂ ᠪᠠᠰᠠ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠪᠤᠴᠠᠵᠤ ᠭᠤᠶᠤᠴᠢᠯᠠᠨ ᠠᠪᠬᠤ ᠶᠢ ᠰᠣᠩᠭᠤᠵᠤ ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃    ᠣᠯᠭᠤᠮᠵᠢ ᠣᠯᠭᠤᠬᠤ ᠬᠤᠭᠤᠴᠠᠭᠠᠨ ᠳᠤ ᠣᠯᠭᠤᠬᠤ ᠭᠠᠵᠠᠷ ᠢ ᠳᠤᠮᠳᠠ ᠠᠴᠠ ᠨᠢ ᠬᠤᠪᠢᠷᠠᠭᠤᠯᠵᠤ ᠪᠣᠯᠬᠤ ᠦᠭᠡᠢ︕     ᠣᠳᠣᠬᠠᠨ ᠳᠤ᠂ ᠤᠯᠤᠰ ᠠᠴᠠ ᠠᠵᠢᠯ ᠠᠯᠳᠠᠭᠰᠠᠳ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠦᠶ᠎ᠡ ᠳᠤ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠶᠢ ᠬᠠᠮᠲᠤ ᠳᠤ ᠨᠢ ᠰᠢᠯᠵᠢᠭᠦᠯᠦᠨ ᠭᠦᠢᠴᠡᠳᠬᠡᠬᠦ ᠲᠠᠯ᠎ᠠ ᠪᠠᠷ ᠨᠢᠭᠡᠳᠦᠯᠲᠡᠢ ᠱᠠᠭᠠᠷᠳᠠᠯᠭ᠎ᠠ ᠳᠤᠷᠠᠳᠤᠭᠰᠠᠨ ᠦᠭᠡᠢ᠂ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠠᠴᠠ ᠪᠠᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠦᠶ᠎ᠡ ᠳᠤ ᠵᠦᠪᠬᠡᠨ ᠠᠵᠢᠯ ᠠᠯᠳᠠᠭᠰᠠᠳ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠭᠦᠢᠴᠡᠳᠬᠡᠬᠦ ᠴᠢᠬᠤᠯᠠᠲᠠᠢ᠃    ᠠᠵᠢᠯ ᠠᠯᠳᠠᠭᠰᠠᠨ ᠢᠶᠠᠨ ᠳᠠᠩᠰᠠᠯᠠᠨ ᠲᠡᠮᠳᠡᠭᠯᠡᠭᠦᠯᠪᠡᠯ ᠠᠮᠢᠳᠤᠯᠢᠭ ᠢᠶᠠᠷ ᠠᠵᠢᠯ ᠣᠯᠣᠭᠰᠠᠳ ᠤᠨ ᠬᠢᠷᠢ ᠭᠡᠮ ᠢᠶᠠᠷ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠳᠤ ᠣᠷᠣᠯᠴᠠᠬᠤ ᠶᠢ ᠨᠦᠯᠦᠭᠡᠯᠡᠨ᠎ᠡ ᠦᠦ︖    ᠣᠳᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠪᠣᠯ᠂ ᠳᠠᠭᠠᠳᠬᠠᠯ ᠳᠤ ᠣᠷᠣᠯᠴᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠪᠤᠶᠤ ᠠᠵᠢᠯ ᠠᠯᠳᠠᠭᠰᠠᠳ ᠤᠨ ᠨᠥᠬᠦᠪᠦᠷᠢ ᠮᠥᠩᠭᠦ ᠠᠪᠬᠤ ᠬᠤᠭᠤᠴᠠᠭᠠᠨ ᠳᠤ᠂ ᠠᠮᠢᠳᠤᠯᠢᠭ ᠢᠶᠠᠷ ᠠᠵᠢᠯ ᠣᠯᠣᠭᠰᠠᠳ ᠤᠨ ᠬᠢᠷᠢ ᠭᠡᠮ ᠢᠶᠠᠷ ᠬᠤᠪᠢ ᠬᠥᠮᠥᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ ᠪᠣᠯᠣᠨ᠎ᠠ᠃    ᠠᠰᠠᠭᠤᠯᠲᠠ᠄ ᠠᠵᠢᠯ ᠠᠯᠳᠠᠭᠰᠠᠨ ᠤ ᠳᠠᠷᠠᠭ᠎ᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠳᠤ ᠴᠠᠭ ᠤᠨ ᠬᠢᠵᠠᠭᠠᠷ ᠲᠠᠢ ᠦᠦ︖    ᠬᠠᠷᠢᠭᠤᠯᠲᠠ᠄ ᠠᠪᠬᠤ ᠨᠥᠬᠦᠴᠡᠯ ᠳᠤ ᠨᠡᠶᠢᠴᠡᠪᠡᠯ ᠳᠠᠷᠤᠢ ᠭᠤᠶᠤᠴᠢᠯᠠᠨ ᠠᠪᠴᠤ ᠪᠣᠯᠣᠨ᠎ᠠ᠂ ᠴᠠᠭ ᠤᠨ ᠬᠢᠵᠠᠭᠠᠷ ᠪᠠᠶᠢᠬᠤ ᠦᠭᠡᠢ᠃     ᠠᠰᠠᠭᠤᠯᠲᠠ᠄ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠤᠳᠠᠭ᠎ᠠ ᠪᠦᠷᠢ ᠬᠠᠮᠤᠭ ᠠᠷᠪᠢᠨ ᠳᠤ ᠪᠠᠨ 24 ᠰᠠᠷ᠎ᠠ ᠠᠪᠴᠤ ᠪᠣᠯᠬᠤ ᠶᠤᠮ ᠦᠦ︖ ᠡᠰᠡᠬᠦᠯ᠎ᠡ ᠨᠠᠰᠤᠨ ᠲᠤᠷᠰᠢᠲᠠ ᠬᠠᠮᠤᠭ ᠠᠷᠪᠢᠨ ᠳᠤ ᠪᠠᠨ 24 ᠰᠠᠷ᠎ᠠ ᠠᠪᠴᠤ ᠪᠣᠯᠬᠤ ᠶᠤᠮ ᠦᠦ︖     ᠬᠠᠷᠢᠭᠤᠯᠲᠠ᠄ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠤᠳᠠᠭ᠎ᠠ ᠪᠦᠷᠢ ᠬᠠᠮᠤᠭ ᠤᠨ ᠤᠷᠲᠤ ᠳᠤ ᠪᠠᠨ 24 ᠰᠠᠷ᠎ᠠ ᠠᠪᠴᠤ ᠪᠣᠯᠣᠨ᠎ᠠ᠂ ᠳᠠᠬᠢᠵᠤ ᠠᠵᠢᠯ ᠣᠯᠣᠭᠰᠠᠨ ᠬᠤᠶᠢᠨ᠎ᠠ ᠳᠠᠬᠢᠨᠲᠠ ᠠᠵᠢᠯ ᠠᠯᠳᠠᠭᠰᠠᠨ ᠪᠣᠯ᠂ ᠰᠦᠢᠳᠬᠡᠯ ᠲᠤᠰᠢᠶᠠᠭᠰᠠᠨ ᠴᠠᠭ ᠢ ᠳᠠᠬᠢᠨ ᠰᠢᠨ᠎ᠡ ᠪᠠᠷ ᠪᠣᠳᠣᠨ᠎ᠠ᠂ ᠬᠡᠷᠪᠡ ᠨᠥᠬᠦᠴᠡᠯ ᠳᠤ ᠨᠡᠶᠢᠴᠡᠪᠡᠯ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠦᠷᠭᠦᠯᠵᠢᠯᠡᠨ ᠭᠤᠶᠤᠴᠢᠯᠠᠨ ᠠᠪᠴᠤ ᠪᠣᠯᠣᠨ᠎ᠠ᠃    
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号