| ᠤᠶᠢᠷ᠎ᠠ ᠳᠤ᠂ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠬᠤᠷᠢᠶ᠎ᠠ ᠶᠢᠨ ᠵᠠᠯᠠᠶᠢᠳ ᠬᠤᠰᠢᠭᠤᠨ ᠤ | ᠮᠤᠩᠭᠤᠯ ᠡᠮᠨᠡᠯᠬᠡ ᠶᠢᠨ ᠬᠤᠷᠢᠶ᠎ᠠ ᠪᠤᠯᠤᠨ ᠬᠦᠷᠡᠯ ᠭᠤᠤᠯ ᠡᠷᠡᠬᠦᠯ ᠬᠠᠮᠠᠭᠠᠯᠠᠯ ᠤᠨ ᠬᠤᠷᠢᠶ᠎ᠠ ᠬᠠᠮᠳᠤᠪᠡᠷ ᠪᠠᠳᠠᠷᠠᠬᠤ | ᠲᠠᠷᠢᠶᠠᠯᠠᠩ ᠤᠨ ᠲᠠᠯᠠᠪᠦᠷ ᠤᠨ ᠡᠮᠴᠢᠯᠡᠬᠡᠨ ᠤ ᠦᠢᠯᠡᠴᠢᠯᠡᠭᠡ ᠶᠢᠨ ᠦᠷᠳᠡᠬᠡᠨ ᠳᠤ ᠬᠦᠷᠴᠦ᠂ ᠲᠤᠬᠠᠢ ᠶᠢᠨ | ᠭᠠᠵᠠᠷ ᠤᠨ 65 ᠨᠠᠰᠦᠨ ᠠᠴᠠ ᠲᠡᠭᠡᠭᠰᠢᠬᠢ ᠨᠠᠰᠦᠳᠠᠶᠢᠴᠤᠳ ᠲᠤ ᠦᠨ᠎ᠡ ᠲᠦᠯᠦᠪᠦᠷᠢ ᠦᠬᠡᠢ ᠪᠠᠷ ᠪᠡᠶ᠎ᠡ ᠶᠢᠨ | ᠪᠠᠶᠢᠴᠠᠭᠠᠯᠳᠠ ᠵᠢᠴᠢ ︽ᠡᠮᠴᠢᠯᠡᠬᠡᠨ ᠤ ᠡᠬᠢ ᠪᠠᠶᠠᠯᠢᠭ ᠢ ᠲᠤᠷᠤᠬᠰᠢ ᠪᠠᠭᠤᠯᠭᠠᠬᠤ︾ ᠠᠯᠪᠠᠨ ᠵᠢᠷᠦᠮ ᠤᠨ | ᠡᠮᠴᠢᠯᠡᠭᠡᠨ ᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ | | ᠠᠵᠢᠯᠯᠠᠭ᠎ᠠ ᠶᠢᠨ ᠲᠠᠯᠠᠪᠦᠷ ᠲᠤ᠂ ᠡᠮᠴᠢᠯᠡᠬᠡᠨ ᠤ ᠪᠦᠯᠬᠦᠮ ᠠᠴᠠ ᠲᠤᠬᠠᠢ ᠶᠢᠨ ᠭᠠᠵᠠᠷ ᠤᠨ | ᠨᠠᠰᠦᠳᠠᠶᠢᠴᠤᠳ ᠲᠤ ᠴᠢᠰᠦᠨ ᠲᠠᠷᠦᠯᠳᠠ᠂ ᠴᠢᠰᠦᠨ ᠰᠢᠬᠢᠷ᠂ ᠵᠢᠷᠦᠬᠡᠨ ᠴᠠᠬᠢᠯᠭᠠᠨ᠂ B ᠬᠡᠳᠦ ᠲᠤᠯᠬᠢᠶᠠᠨ ᠵᠡᠷᠭᠡ | ᠤᠯᠠᠨ ᠲᠦᠷᠦᠯ ᠤᠨ ᠪᠠᠶᠢᠴᠠᠭᠠᠯᠳᠠ ᠬᠢᠵᠦ ᠦᠭᠬᠦᠭᠰᠡᠨ ᠪᠠᠶᠢᠨ᠎ᠠ᠃ ᠡᠬᠦᠨ ᠤ ᠬᠠᠮᠳᠤ᠂ ᠨᠠᠰᠦᠳᠠᠶᠢᠴᠤᠳ ᠲᠤ | ᠦᠷᠬᠦᠯᠵᠢ ᠲᠤᠬᠢᠶᠠᠯᠳᠤᠳᠠᠭ ᠡᠪᠡᠳᠴᠢᠨ ᠳᠤ ᠡᠷᠡᠬᠦᠯ ᠮᠡᠨᠳᠤ ᠶᠢᠨ ᠠᠰᠠᠭᠤᠨ ᠯᠠᠪᠯᠠᠯᠳᠠ ᠪᠠ ᠡᠮ ᠬᠡᠷᠡᠭᠯᠡᠬᠦ | ᠵᠢᠯᠤᠭᠤᠳᠤᠯᠭ᠎ᠠ ᠬᠠᠨᠭ᠍ᠭᠠᠵᠦ᠂ ᠲᠡᠳᠡᠨ ᠢ ᠬᠠᠪᠰᠦᠷᠦᠨ ᠦᠪᠡᠷ ᠤᠨ ᠪᠡᠶ᠎ᠡ ᠶᠢᠨ ᠡᠷᠡᠬᠦᠯ ᠴᠢᠬᠢᠷᠠᠭ ᠤᠨ ᠪᠠᠶᠢᠳᠠᠯ ᠢᠶᠠᠨ | ᠨᠡᠩ ᠰᠠᠶᠢᠨ ᠤᠶᠢᠯᠠᠭᠠᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠰᠤᠪᠢᠯᠠᠬᠤ ᠮᠡᠳᠡᠯᠬᠡ ᠵᠢᠭᠠᠵᠦ ᠦᠭᠬᠦᠭᠰᠡᠨ | ᠪᠠᠶᠢᠨ᠎ᠠ᠃ | ᠡᠮᠴᠢᠯᠡᠬᠡᠨ ᠤ ᠪᠦᠯᠬᠦᠮ ᠪᠠᠰᠠ ᠬᠦᠨᠳᠤ ᠡᠪᠡᠳᠴᠢᠳᠡᠨ ᠲᠠᠢ ᠬᠡᠷ ᠪᠦᠯᠢ ᠳᠤ ᠬᠦᠷᠴᠦ᠂ ᠡᠪᠡᠳᠴᠢᠳᠡᠨ ᠳᠤ | ᠪᠡᠶ᠎ᠡ ᠶᠢᠨ ᠪᠠᠶᠢᠴᠠᠭᠠᠯᠳᠠ ᠬᠢᠵᠦ᠂ ᠡᠪᠡᠳᠴᠢᠳᠡᠨ ᠤ ᠪᠤᠳᠠᠳᠠᠢ ᠪᠠᠶᠢᠳᠠᠯ ᠢ ᠦᠨᠳᠦᠰᠦᠯᠡᠨ ᠤᠨᠤᠰᠢᠯᠠᠨ ᠵᠠᠰᠠᠬᠤ | ᠲᠦᠰᠦᠪ ᠲᠤᠬᠳᠠᠭᠠᠵᠦ ᠦᠭᠬᠦᠭᠰᠡᠨ ᠪᠦᠭᠡᠳ ᠲᠡᠳᠡᠡ ᠲᠠᠢ ᠬᠡᠷ ᠪᠦᠯᠢ ᠶᠢᠨ ᠡᠮᠴᠢ ᠶᠢᠨ ᠦᠢᠯᠡᠴᠢᠯᠡᠬᠡᠨ ᠤ | ᠵᠦᠪᠯᠡᠯᠴᠡᠭᠡᠷ ᠲᠤᠬᠳᠠᠵᠦ᠂ ᠡᠪᠡᠳᠴᠢᠳᠡᠨ ᠤ ᠴᠠᠭ ᠲᠤᠬᠠᠢ ᠳᠤᠨᠢ ᠡᠮᠴᠢᠯᠡᠬᠡᠨ ᠤ ᠦᠢᠯᠡᠴᠢᠯᠡᠭᠡ ᠤᠯᠵᠦ ᠬᠦᠷᠳᠡᠬᠦ ᠶᠢ | ᠪᠠᠳᠦᠯᠠᠬᠰᠠᠨ ᠪᠠᠶᠢᠨ᠎ᠠ᠃ | ᠲᠤᠰ ᠤᠳᠠᠭᠠᠨ ᠤ ︽ᠡᠮᠴᠢᠯᠡᠬᠡᠨ ᠤ ᠡᠬᠢ ᠪᠠᠶᠠᠯᠢᠭ ᠢ ᠲᠤᠷᠤᠬᠰᠢ ᠪᠠᠭᠤᠯᠭᠠᠬᠤ︾ ᠠᠯᠪᠠᠨ ᠵᠢᠷᠦᠮ ᠤᠨ | ᠡᠮᠴᠢᠯᠡᠬᠡᠨ ᠤ ᠠᠵᠢᠯᠯᠠᠭ᠎ᠠ ᠨᠢ ᠪᠠᠳᠠᠷᠠᠬᠤ ᠲᠠᠷᠢᠶᠠᠯᠠᠩ ᠤᠨ ᠲᠠᠯᠠᠪᠦᠷ ᠤᠨ ᠨᠠᠰᠦᠳᠠᠶᠢᠴᠤᠳ ᠲᠤ ᠡᠮᠴᠢᠯᠡᠬᠡᠨ ᠤ | ᠬᠠᠷᠠᠭᠠᠯᠵᠠᠯ ᠬᠦᠷᠳᠡᠭᠡᠵᠦ᠂ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠦᠢᠯᠡᠴᠢᠯᠡᠭᠡ ᠶᠢᠨ | ᠬᠦᠷᠳᠡᠭᠡᠮᠵᠢ ᠶᠢᠨ ᠲᠦᠷᠦᠭᠳᠡᠯ ᠢ ᠤᠯᠠᠮ ᠨᠢᠬᠡ ᠠᠯᠬᠤᠮ ᠲᠡᠭᠡᠭᠰᠢᠯᠡᠬᠦᠯᠦᠭᠰᠡᠨ ᠪᠠᠶᠢᠨ᠎ᠠ᠃ | ︵ᠵᠠᠩ ᠴᠤᠤ︶ |