ᠠᠭᠤᠯᠭ᠎ᠠ ᠪᠠᠶᠠᠯᠢᠭ ᠤᠬᠠᠭᠤᠯᠭ᠎ᠠ
ᠨᠡᠶᠢᠲᠡᠯᠡᠭᠰᠡᠨ ᠴᠠᠭ᠄
2024/6/19
    ᠡᠨᠡ ᠵᠢᠯ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ ᠪᠠ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ 2024 ᠣᠨ ᠤ ︽ᠪᠥᠬᠦ ᠬᠤᠰᠢᠭᠤᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ ᠤᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠤᠬᠠᠭᠤᠯᠭ᠎ᠠ ᠶᠢᠨ ᠰᠠᠷ᠎ᠠ ︵ᠭᠠᠷᠠᠭ︶ ᠶᠢᠨ ᠬᠠᠮᠢᠶ᠎ᠠ ᠪᠥᠬᠦᠶ ᠠᠵᠢᠯ ᠢ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠪᠠ᠃ ᠠᠵᠢᠯᠯᠠᠭ᠎ᠠ ᠡᠬᠢᠯᠡᠭᠰᠡᠨ ᠤ ᠲᠠᠷᠠᠭ᠎ᠠ᠂ ᠪᠦᠭᠦ ᠬᠤᠰᠢᠭᠤᠨ ᠤ ᠡᠯ᠎ᠡ ᠰᠠᠯᠠᠭ᠎ᠠ ᠮᠦᠴᠢᠷ ᠤᠨ ᠬᠢᠨ ᠡᠯᠪᠡᠭ ᠪᠠᠶᠠᠯᠢᠭ ᠠᠭᠤᠯᠭ᠎ᠠ ᠪᠦᠬᠦᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠪᠠ᠃      ᠵᠠᠯᠠᠶᠢᠳ ᠬᠤᠰᠢᠭᠤᠨ ᠤ ᠬᠢᠨ ︽ᠤᠮᠠᠷᠠᠲᠤ ᠬᠢᠯᠢ ᠶᠢᠨ ᠰᠣᠶᠣᠯ · ᠠᠨᠠᠷ ᠤᠨ ᠦᠷ᠎ᠡ ᠶᠢᠨ ᠰᠡᠳᠭᠢᠯ ᠢᠶᠠᠨ ᠨᠢᠭᠡᠳᠭᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠣᠶᠣᠯ ᠤᠨ ᠶᠡᠭᠡ ᠲᠡᠭᠦᠪᠦᠷᠢ︾ ᠵᠡᠷᠭᠡ ᠪᠠᠷ ᠭᠤᠤᠯ ᠰᠡᠳᠦᠪ ᠪᠣᠯᠭᠠᠵᠤ᠂ ᠲᠦᠩ ᠰᠢᠨ ᠴᠡᠴᠡᠷᠯᠢᠭ ᠪᠠ ᠲᠦᠩ ᠰᠢᠨ ᠠᠭᠤᠳᠠᠮ ᠲᠠᠯᠠᠪᠠᠶ ᠳᠤ ︽ᠠᠨᠠᠷ ᠤᠨ ᠦᠷ᠎ᠡ︾ ᠶᠢᠨ ᠰᠣᠶᠣᠯ ᠤᠨ ᠶᠡᠭᠡ ᠴᠤᠭᠯᠠᠷᠠᠯ ᠤᠨ ᠠᠵᠢᠯᠯᠠᠭ᠎ᠠ ᠥᠷᠨᠢᠭᠦᠯᠵᠦ᠂ 2024 ᠣᠨ ᠤ ᠪᠥᠬᠦ ᠬᠤᠰᠢᠭᠤᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠬᠥᠰᠢᠭᠡ ᠶᠢ ᠨᠡᠭᠡᠭᠡᠭᠰᠡᠨ ᠪᠠᠶᠢᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠣᠶᠣᠯ ᠤᠨ ᠲᠤᠮᠤ ᠡᠮᠬᠢᠳᠭᠡᠯ᠂ ᠰᠣᠳᠣᠨ ᠵᠦᠴᠦᠭᠡ ᠶᠢᠨ ᠦᠵᠡᠭᠦᠯᠭᠡ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ᠂ ᠪᠢᠴᠢᠯᠭᠡ ᠵᠢᠷᠤᠭ ᠵᠡᠷᠭᠡ ᠶᠢ ᠠᠭᠤᠰᠤᠯᠴᠠᠭᠤᠯᠬᠤ ᠪᠠᠷ ᠳᠠᠮᠵᠢᠭᠤᠯᠵᠤ᠂ ᠤᠮᠠᠷᠠᠲᠤ ᠭᠢᠯᠢ ᠶᠢᠨ ᠰᠣᠶᠣᠯ ᠤᠨ ᠴᠠᠭ ᠦᠶ᠎ᠡ ᠶᠢᠨ ᠦᠷᠳᠡᠭ ᠢ ᠭᠦᠢᠴᠡᠳ ᠢᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠵᠠᠯᠠᠶᠢᠳ ᠤᠨ ᠲᠦᠷᠦᠯ ᠲᠡᠮᠳᠡᠭᠳᠦ ᠶᠢ ᠴᠢᠷᠮᠠᠶᠢᠨ ᠡᠭᠦᠳᠴᠡᠢ᠃ ᠵᠠᠯᠠᠶᠢᠳ ᠬᠤᠰᠢᠭᠤᠨ ᠤ ᠢᠨᠳᠡᠷ ᠪᠠᠯᠭᠠᠰᠤ ᠪᠠᠰᠠ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠭᠤᠣᠯ ᠰᠡᠳᠦᠪᠲᠦ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃
                      ᠪᠠᠢ ᠢᠦᠢ ᠯᠢᠶᠠᠩ    ᠱᠦ ᠭᠤᠸᠠᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号