ᠰᠡᠳᠬᠢᠯ ᠳᠤ ᠬᠠᠳᠠᠩᠰᠢᠭᠰᠠᠨ ᠰᠤᠷᠳᠠᠯ ᠤᠬᠠᠭᠤᠯᠭ᠎ᠠ
ᠨᠡᠶᠢᠲᠡᠯᠡᠭᠰᠡᠨ ᠴᠠᠭ᠄
2024/6/19
    ︽ᠪᠢᠳᠡ ᠡᠷᠡᠰ ᠭᠤᠶᠢᠪᠢᠰᠢ ᠦᠭᠡᠢ ᠪᠠᠷ ᠨᠠᠮ ᠢᠶᠠᠨ ᠬᠦᠷᠢᠶᠡᠯᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠢᠨ᠎ᠡ ᠴᠠᠭ ᠦᠶ᠎ᠡ ᠶᠢᠨ ᠰᠢᠨ᠎ᠡ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ ᠁︾ ᠭᠡᠵᠦ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠨᠤᠮᠤᠷᠢ ᠭᠠᠴᠠᠭ᠎ᠠ ᠶᠢᠨ ᠲᠤᠩᠭᠠᠯᠠᠭ ᠪᠤᠯᠤᠨ ᠦᠬᠡᠷ ᠲᠡᠵᠢᠭᠡᠨ ᠦᠷᠡᠵᠢᠭᠦᠯᠬᠦ ᠲᠣᠮᠣ ᠡᠷᠦᠬᠡ ᠬᠠᠨ ᠰᠢᠶᠤᠤ ᠵᠢᠩ ᠨᠡᠷ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠠᠶᠢᠯ ᠠᠶᠢᠮᠠᠬ ᠤᠨ ᠠᠬ᠎ᠠ ᠳᠠᠬᠦᠦ ᠨᠠᠷ ᠲᠠᠭᠠᠨ ᠤᠯᠠᠮᠵᠢᠯᠠᠨ ᠳᠠᠮᠵᠢᠭᠤᠯᠤᠨ᠎ᠠ᠃ ︽ᠮᠠᠨ ᠤ ᠡ᠊ᠨᠳᠡ ᠴᠥᠭᠡᠨ ᠲᠣᠭᠠᠲᠤ ᠦᠨᠳᠦᠰᠦᠲᠡᠨ ᠤ ᠲᠣᠰᠬᠤᠨ ᠤ ᠠᠷᠠᠳ ᠨᠡᠯᠢᠶᠡᠳ ᠤᠯᠠᠨ᠂ ᠪᠠᠰᠠ ᠵᠠᠬ᠎ᠠ ᠬᠢᠵᠠᠭᠠᠷ ᠣᠷᠣᠨ ᠪᠣᠯᠬᠤᠷ ᠵᠠᠪᠠᠯ ᠰᠡᠳᠬᠢᠯ ᠳᠠᠯᠪᠢᠨ ᠬᠠᠶᠢᠷ᠎ᠠ ᠰᠡᠳᠬᠢᠯᠭᠡ ᠲᠠᠢ ᠰᠠᠶᠢᠬᠠᠨ ᠤᠬᠠᠭᠤᠯᠤᠨ ᠲᠠᠶᠢᠯᠪᠤᠷᠢᠯᠠᠬᠤ ᠭᠡᠷᠡᠭᠳᠠᠢ᠂ ᠢᠡᠭᠬᠢᠪᠡᠯ ᠠᠷᠠᠳ ᠲᠦᠮᠡᠨ ᠰᠠᠶ᠋ᠢ ᠣᠶᠢᠯᠠᠭᠠᠵᠤ ᠲᠠᠶᠢᠯᠤᠨ᠎ᠠ︾ ᠭᠡᠵᠦ ᠳᠤᠩᠭᠠᠯᠠᠬ ᠶᠠᠷᠢᠨ᠎ᠠ᠃ 2021 ᠣᠨ ᠤ 4 ᠰᠠᠷ᠎ᠠ ᠳᠤ᠂ ᠬᠦᠷᠡᠯ ᠪᠠᠯᠭᠠᠰᠤᠨ ᠤ ᠬᠢᠨ ︽ᠪᠦᠰᠡᠬᠦᠢ︾ ᠸᠢᠴᠠᠲ ᠤᠨ ᠴᠤᠬᠯᠠᠷᠠᠯ ᠢ ᠪᠠᠶᠢᠭᠤᠯᠵᠤ᠂ ᠣᠲᠣ ᠨᠢᠭᠡᠨᠲᠡ 300 ᠭᠠᠷᠤᠶ ᠭᠡᠰᠢᠬᠦᠨ ᠲᠠᠢ ᠪᠣᠯᠤᠭᠰᠠᠨ ᠪᠠᠶᠢᠨ᠎ᠠ᠃ ᠳᠤᠰ ᠴᠤᠬᠯᠠᠷᠠᠯ ᠤᠨ ᠭᠡᠰᠢᠬᠦᠳ ᠨᠢ ᠦᠨᠳᠦᠰᠦᠨ ᠱᠠᠲᠤᠨ ᠳᠤ ᠦᠰᠦᠨ ᠪᠤᠶᠢᠵᠢᠵᠤ᠂ ᠤᠯᠠᠨ ᠲᠦᠮᠡᠨ ᠤ ᠳᠤᠮᠳᠠ ᠢᠳᠡᠪᠬᠢᠲᠡᠢ ᠠᠵᠢᠯᠯᠠᠵᠤ᠂ ︽ᠲᠣᠰᠬᠤᠨ ᠪᠣᠯᠭᠠᠨ ᠳᠤ ᠴᠤᠤᠷᠢᠶᠠᠲᠤᠬᠤ︾  ᠪᠦᠷᠢᠶ᠎ᠡ ᠶᠢᠨ ᠦᠢᠯᠡᠳᠦᠯ ᠢ ᠪᠠᠳᠠᠷᠠᠭᠤᠯᠵᠤ᠂ ᠨᠡᠩ ᠳᠣᠲᠣᠨᠣ ᠲᠦᠷᠦᠭᠳᠡᠯ ᠲᠠᠢ ᠨᠤᠲᠤᠭ ᠤᠨ ᠠᠶᠠᠯᠭᠤ ᠪᠠᠷ ᠨᠠᠮ ᠤᠨ ᠲᠠᠭᠤᠨ ᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠪᠠ᠃     ᠡᠭᠦᠨ ᠤ ᠬᠠᠮᠲᠤ᠂ ᠪᠠᠶᠠᠨᠵᠢᠯᠠᠭ᠎ᠠ ᠰᠢᠶᠠᠩ ᠤᠨ ᠰᠤᠷᠤᠯᠴᠠᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠭᠡᠰᠢᠬᠦᠳ ᠪᠠᠰᠠ ᠰᠢᠶᠠᠩ ᠤᠨ ᠬᠤᠳᠠᠯᠳᠤᠭᠠᠨ ᠤ ᠳᠡᠯᠭᠡᠭᠦᠷ ᠤᠨ ᠵᠡᠭᠡᠯᠢ ᠭᠤᠳᠤᠮᠵᠢ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠵᠡᠷᠭᠡ ᠪᠠᠷ ᠬᠦᠷᠴᠦ᠂ ᠪᠢᠴᠢᠯ ᠬᠢᠴᠢᠶᠡᠯ ᠤᠨ ᠲᠠᠩᠬᠢᠮ ᠤᠨ ᠤᠨᠤᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠦ᠂ ᠨᠡᠷᠡᠳᠦ ᠬᠦᠮᠦᠰ ᠤᠨ ᠶᠠᠷᠢᠶ᠎ᠠ᠂ ᠤᠯᠤᠰ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠠᠷᠠᠳ ᠤᠯᠠᠨ ᠳᠤ ᠳᠠᠶᠢᠯᠪᠤᠷᠢᠯᠠᠵᠦ᠂ ᠰᠤᠷᠤᠯᠴᠠᠭᠤᠯᠵᠦ᠂ ᠤᠯᠠᠮᠵᠢᠯᠠᠭᠤᠯᠵᠦ᠂ ᠦᠨᠳᠦᠰᠦᠨ ᠱᠠᠲᠤᠨ ᠤ ᠤᠨᠤᠯ ᠢ ᠤᠬᠠᠭᠤᠯᠤᠨ ᠲᠠᠶᠢᠯᠪᠤᠷᠢᠯᠠᠬᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠠᠢ᠃      ᠠᠵᠢᠯᠯᠠᠭ᠎ᠠ ᠶᠢᠨ ᠬᠤᠭᠤᠴᠠᠭᠠᠨ ᠳᠤ᠂ ᠵᠠᠯᠠᠶᠢᠳ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ︵ᠲᠥᠪ︶ ᠵᠢᠴᠢ ᠨᠡᠶᠢᠭᠡᠮ ᠲᠣᠭᠤᠷᠢᠭ ᠤᠨ ᠬᠢᠨ ᠨᠡᠶᠢᠲᠡ 60 ᠭᠠᠷᠤᠶ ᠲᠠᠯᠠᠪᠤᠷ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠥᠯᠢᠭᠡᠷ ᠬᠤᠪᠢᠶᠠᠯᠴᠠᠬᠤ ᠬᠤᠷᠠᠯ ᠪᠠ ᠣᠨᠣᠯ ᠤᠨ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠶᠢ ᠡᠷᠭᠢᠯᠡᠵᠦ᠂ 3.5 ᠲᠦᠮᠡ ᠭᠠᠷᠤᠶ ᠣᠯᠠᠨ ᠲᠦᠮᠡᠨ ᠢ ᠬᠠᠮᠤᠷᠤᠬᠰᠠᠨ ᠪᠠᠶᠢᠨ᠎ᠠ᠃ ᠡᠭᠦᠨ ᠤ ᠬᠠᠮᠲᠤ᠂ ︽ᠰᠦᠯᠵᠢᠶᠡᠨ ᠳᠡᠭᠡᠷᠡᠬᠢ︾ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠧᠯᠸᠢᠰ᠂ ᠷᠠᠳᠢᠣ᠋ ᠨᠡᠪᠲᠡᠷᠡᠭᠦᠯᠭᠡ᠂ ᠵᠠᠯᠠᠶᠢᠳ ᠤᠨ ᠪᠢᠴᠢᠯ ᠮᠡᠳᠡᠭᠡᠯᠡᠯ ᠵᠡᠷᠭᠡ ᠬᠠᠮ ᠵᠠᠭᠤᠴᠢᠯᠠᠭᠤᠷ ᠶᠢ ᠠᠰᠢᠭᠯᠠᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠳᠤ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠡᠬᠦᠨ ᠳᠤ᠂ ᠵᠠᠯᠠᠶᠢᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠵᠠᠭᠤᠴᠢᠯᠠᠭᠤᠷ ᠤᠨ ᠲᠠᠪᠴᠠᠩ ᠳᠤ ᠭᠠᠷᠭᠠᠭᠰᠠᠨ ᠲᠤᠰᠬᠠᠶ ᠰᠡᠳᠦᠪᠳᠦ ᠲᠤᠰᠬᠠᠶ ᠪᠤᠯᠤᠩ ᠨᠢ ᠭᠦᠨᠵᠡᠭᠡᠶ ᠪᠥᠭᠡᠳ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠤᠰᠢᠭᠤᠨ ᠤ ᠠᠷᠠᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃
                ᠪᠠᠢ ᠢᠦᠢ ᠯᠢᠶᠠᠩ    ᠱᠦ ᠭᠤᠸᠠᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号