ᠬᠦᠨᠵᠡᠭᠡᠢ ᠳᠠᠶᠢᠯᠪᠤᠷᠢᠯᠠᠵᠦ ᠪᠤᠳᠠᠳᠤ ᠦᠷ᠎ᠠ ᠠᠰᠢᠬ ᠤᠯᠤᠭᠰᠠᠨ ᠤᠬᠠᠭᠤᠯᠭ᠎ᠠ
ᠨᠡᠶᠢᠲᠡᠯᠡᠭᠰᠡᠨ ᠴᠠᠭ᠄
2024/6/19
    ᠤᠶᠢᠷ᠎ᠠ ᠶᠢᠨ ᠡᠳᠦᠷ᠂ ᠢᠨᠳᠡᠷ ᠲᠠᠬᠢ ᠶᠢᠰᠦᠳᠤᠭᠡᠷ ᠪᠠᠭ᠎ᠠ ᠰᠤᠷᠭᠠᠭᠤᠯᠢ ᠳᠤ ︽ᠦᠨᠳᠦᠰᠦᠲᠡᠨ ᠤ ᠬᠠᠶᠢᠷ᠎ᠠ ᠰᠡᠳᠬᠢᠯᠭᠡ᠂ ᠰᠡᠳᠭᠢᠯ ᠵᠢᠷᠦᠬᠡ ᠶᠢ ᠬᠤᠯᠪᠣᠬᠤ︾ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠢᠳᠡ ᠬᠦᠭ ᠲᠠᠢ ᠶᠠᠪᠤᠭᠳᠠᠵᠤ ᠪᠠᠶᠢᠯ᠎ᠠ᠃ ᠤᠬᠠᠭᠤᠯᠤᠨ ᠲᠠᠶᠢᠯᠪᠤᠷᠢᠯᠠᠬᠤ ᠪᠠᠭᠰᠢ ᠨᠠᠷ ᠭᠦᠨᠵᠡᠭᠡᠢ ᠪᠥᠭᠡᠳ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠵᠤ᠂ ᠰᠤᠷᠤᠭᠴᠢᠳ ᠲᠤ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠢ ᠭᠦᠨᠵᠡᠭᠡᠢ ᠲᠠᠨᠢᠭᠤᠯᠵᠤ᠂ ᠵᠠᠯᠠᠭᠤᠴᠤᠳ ᠪᠠᠭᠠᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠬᠢᠭᠤᠯᠤᠭᠴᠢ᠂ ᠦᠢᠯᠡᠳᠦᠯᠭᠡᠵᠢᠭᠦᠯᠦᠭᠴᠢ ᠪᠠ ᠰᠠᠬᠢᠨ ᠬᠠᠮᠠᠭᠠᠯᠠᠭᠴᠢ ᠪᠣᠯᠭᠠᠨ᠎ᠠ᠃ ᠰᠤᠷᠭᠠᠭᠤᠯᠢ ᠶᠢᠨ ᠬᠢᠨ ᠪᠠᠰᠠ ︽ᠦᠨᠳᠦᠰᠦᠲᠡᠨ ᠨᠦᠭᠦᠳ ᠤᠨ ᠤᠯᠠᠨ ᠲᠦᠮᠡᠨ ᠨᠢᠭᠡᠨ ᠬᠡᠷ ᠤᠨ ᠬᠥᠮᠦᠨ ᠮᠡᠳᠦ ᠳᠤᠳᠤᠨᠤᠰᠤᠬ︾ ᠭᠡᠬᠦ ᠭᠤᠤᠯ ᠰᠡᠳᠦᠪᠲᠦ ᠤᠯᠤᠰ ᠤᠨ ᠲᠤᠭ ᠤᠨ ᠳᠣᠤᠷᠠᠬᠢ ᠶᠠᠷᠢᠶ᠎ᠠ᠂ ᠭᠤᠤᠯ ᠰᠡᠳᠦᠪᠲᠦ ᠠᠩᠭᠢ ᠶᠢᠨ ᠬᠢᠴᠢᠶᠡᠯ᠂ ᠬᠠᠭᠤᠯᠤᠮᠠᠯ ᠰᠣᠨᠢᠨ᠂ ᠰᠠᠮᠪᠠᠷ᠎ᠠ ᠶᠢᠨ ᠰᠣᠨᠢᠨ ᠵᠡᠷᠭᠡ ᠠᠯᠢ ᠣᠯᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠪᠠ ᠬᠠᠤᠯᠢᠵᠢᠯ ᠤᠨ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠭᠢᠯ ᠳᠤ ᠦᠨᠳᠦᠰᠦᠯᠡᠭᠦᠯᠵᠡᠶ᠃    ᠣᠶᠢᠷ᠎ᠠ ᠶᠢᠨ ᠡᠳᠦᠷ ᠤᠳ ᠲᠤ᠂ ᠵᠠᠯᠠᠶᠢᠳ ᠬᠤᠰᠢᠭᠤᠨ ᠤ ᠡᠯ᠎ᠡ ᠭᠠᠵᠠᠷ ᠤᠨ ᠬᠢᠨ ᠪᠣᠳᠠᠲᠠᠶ ᠳᠠᠭᠠᠨ ᠰᠠᠭᠤᠷᠢᠯᠠᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠪᠠᠶᠢᠩᠭᠤ ᠶᠢᠨ ᠲᠣᠭᠲᠠᠴᠠ ᠶᠢ ᠢᠳᠡᠪᠬᠢᠲᠡᠶ ᠪᠠᠶᠢᠭᠤᠯᠪᠡ᠃ ︽ᠥᠨᠥᠳᠦᠷ ᠮᠠᠨ ᠤ ᠠᠭᠤᠳᠠᠮ ᠲᠠᠯᠠᠪᠠᠶ ᠶᠢᠨ ᠪᠥᠵᠢᠭ ᠤᠨ ᠠᠩᠭᠢ ᠠᠴᠠ ︿ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠳᠡᠭᠦᠦ﹀ ᠶᠢᠨ ᠦᠯᠢᠭᠡᠷ ᠢ ᠶᠠᠷᠢᠵᠤ ᠥᠭᠭᠦᠨ᠎ᠠ᠃ ᠯᠦᠩ ᠮᠧᠶ ᠪᠣᠯᠤᠨ ᠢᠦᠶ ᠷᠦᠩ ᠬᠤᠶᠠᠷ ᠪᠢᠴᠢᠬᠠᠨ ᠡᠭᠡᠴᠢ ᠳᠡᠭᠦᠦ ᠠᠮᠠᠷᠠᠯᠲᠠ ᠶᠢᠨ ᠬᠤᠭᠤᠴᠠᠭᠠᠨ ᠳᠠᠭᠠᠨ ᠪᠠᠷᠢᠭᠠᠳᠠ ᠶᠢᠨ ᠬᠤᠨᠢ ᠶᠢ ᠬᠠᠷᠢᠭᠤᠯᠬᠤ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠪᠡ ᠁︾ ᠭᠡᠵᠦ ᠪᠤᠯᠭᠠᠨᠬᠤᠸᠠ ᠭᠠᠴᠠᠭᠠᠨ ᠤ ᠰᠣᠶᠣᠯ ᠤᠨ ᠥᠷᠥᠭᠡᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠶᠠᠷᠢᠬᠤ ᠳᠠᠭᠤᠨ ᠰᠣᠨᠣᠰᠳᠠᠵᠤ ᠪᠠᠶᠢᠯ᠎ᠠ᠃      ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠤᠨ ᠤ ᠠᠷᠪᠡᠨᠭᠡᠷ ᠭᠠᠴᠠᠭ᠎ᠠ ᠶᠢᠨ ᠬᠢᠨ ᠥᠷᠯᠥᠭᠡ ᠪᠦᠷᠢ ᠶᠢᠨ ᠨᠠᠢᠮᠠᠨ ᠴᠠᠭ ᠬᠠᠭᠠᠰ ᠤᠨ ᠦᠶ᠎ᠡ ᠪᠠᠷ ᠭᠠᠴᠠᠭᠠᠨ ᠤ ᠯᠠᠪᠠᠷ ᠢᠶᠠᠷ ᠤᠯᠤᠰ ᠤᠨ ᠳᠦᠷᠦ ᠶᠢᠨ ᠪᠤᠲᠤᠯᠭ᠎ᠠ ᠬᠠᠤᠯᠢ ᠲᠣᠭᠲᠠᠭᠠᠯ ᠤᠨ ᠲᠠᠶᠢᠯᠤᠮᠵᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠮᠡᠳᠡᠯᠭᠡ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠵᠡᠷᠭᠡ ᠠᠭᠤᠯᠭ᠎ᠠ ᠶᠢ ᠨᠡᠪᠲᠡᠷᠡᠭᠦᠯᠳᠡᠭ᠃ ︽ᠪᠢ ᠠᠵᠢᠯ ᠬᠢᠬᠦ ᠶᠢᠨ ᠳᠠᠭᠠᠤ ᠪᠠᠰᠠ ᠪᠠᠭ᠎ᠠ ᠪᠤᠰᠤ ᠮᠡᠳᠡᠯᠭᠡ ᠡᠵᠡᠮᠰᠢᠵᠦ ᠪᠠᠶᠢᠨ᠎ᠠ ᠰᠢᠦ︾ ᠭᠡᠵᠦ ᠭᠠᠴᠭᠠᠠᠨ ᠤ ᠠᠷᠠᠳ ᠬᠤᠪᠢᠰᠬᠠᠯᠳᠤ ᠭᠡᠯᠡᠪᠡ᠃︽ᠵᠠᠯᠠᠶᠢᠳ ᠬᠤᠰᠢᠭᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠤᠰᠬᠠᠶ ᠰᠡᠳᠦᠪᠲᠦ ᠲᠠᠶᠢᠯᠤᠮᠵᠢ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠦᠨᠵᠡᠭᠡᠶ ᠲᠠᠶᠢᠯᠪᠤᠷᠢᠯᠠᠵᠤ᠂ ᠡᠭᠦᠨ ᠤ ᠬᠠᠮᠲᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠪᠤᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠤᠨᠤᠯ ᠤᠨ ᠲᠤᠬᠠᠢ ᠣᠶᠢᠯᠠᠭᠠᠯᠲᠠ ᠪᠠ ᠲᠠᠨᠢᠯᠲᠠ ᠶᠢ ᠨᠢ ᠭᠦᠨᠵᠡᠭᠡᠶᠢᠷᠡᠭᠦᠯᠵᠦ᠂ ᠡᠭᠦᠨ ᠤ ᠤᠯᠠᠮ ᠠᠴᠠ ᠲᠡᠳᠡᠨ ᠢ ᠵᠣᠷᠢᠭᠵᠢᠭᠤᠯᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠢᠳᠡᠪᠬᠢᠲᠡᠢ ᠣᠷᠣᠯᠴᠠᠭᠤᠯᠵᠤ᠂ ᠳᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠭᠢᠯ ᠤᠨ ᠭᠦᠨ ᠳᠤ ᠦᠨᠳᠦᠰᠦᠯᠡᠭᠦᠯᠦᠨ᠎ᠡ︾ ᠭᠡᠵᠦ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠡᠷᠬᠢᠯᠡᠭᠴᠢ ᠪᠠᠶ ᠢᠦᠶ ᠯᠠᠨ ᠢᠯᠡᠷᠭᠡᠶᠢᠯᠡᠵᠤ ᠪᠠᠶᠢᠯ᠎ᠠ᠃
                   ᠪᠠᠢ ᠢᠦᠢ ᠯᠢᠶᠠᠩ    ᠱᠦ ᠭᠤᠸᠠᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号