ᠵᠠᠯᠠᠶᠢᠳ ᠬᠤᠰᠢᠭᠤᠨ ᠤ ᠢᠨᠳᠡᠷ ᠲᠠᠬᠢ ᠨᠠᠢᠮᠠᠳᠤᠭᠠᠷ ᠪᠠᠭ᠎ᠠ ᠰᠤᠷᠭᠠᠭᠤᠯᠢ ᠬᠥᠳᠡᠯᠮᠦᠷᠢ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/19
      ᠰᠤᠷᠤᠭᠴᠢᠳ ᠤᠨ ᠵᠥᠪ ᠬᠥᠳᠡᠯᠮᠦᠷᠢ ᠶᠢᠨ ᠦᠷᠳᠡᠭ ᠤᠨ ᠦᠵᠡᠯᠲᠡ ᠪᠣᠯᠣᠨ ᠰᠠᠶᠢᠨ ᠰᠠᠶᠢᠬᠠᠨ ᠬᠥᠳᠡᠯᠮᠦᠷᠢ ᠶᠢᠨ ᠵᠠᠩ ᠴᠢᠨᠠᠷ ᠢ ᠬᠥᠮᠥᠵᠢᠭᠦᠯᠬᠦ ᠶᠢᠨ ᠲᠦᠯᠦᠭᠡ  ᠂  ᠵᠠᠯᠠᠶᠢᠳ ᠬᠤᠰᠢᠭᠤᠨ ᠤ ᠢᠨᠳᠡᠷ ᠲᠠᠬᠢ ᠨᠠᠢᠮᠠᠳᠤᠭᠠᠷ ᠪᠠᠭ᠎ᠠ ᠰᠤᠷᠭᠠᠭᠤᠯᠢ ︽ᠬᠦᠳᠡᠯᠮᠤᠷᠢ ᠪᠠᠷ ᠰᠢᠨ᠎ᠡ ᠬᠥᠮᠦᠨ ᠢ ᠬᠥᠮᠦᠵᠢᠭᠦᠯᠵᠦ᠂ ᠬᠦᠳᠡᠯᠮᠤᠷᠢ ᠬᠠᠮᠤᠭ ᠤᠨ ᠦᠩᠭᠡ ᠭᠡᠷᠡᠯᠲᠡᠢ︾ ᠭᠡᠬᠦ ᠪᠠᠷ ᠭᠤᠣᠯ ᠰᠡᠳᠦᠪ ᠪᠤᠯᠭᠠᠭᠰᠠᠨ ᠪᠠᠶᠠᠯᠢᠭ ᠰᠠᠶᠢᠬᠠᠨ ᠬᠥᠳᠡᠯᠮᠦᠷᠢ ᠶᠢᠨ  ᠬᠦᠮᠦᠵᠢᠯ ᠤᠨ ᠠᠵᠢᠯᠯᠠᠭ᠎ᠠ ᠥᠷᠨᠢᠭᠦᠯᠪᠡ᠃
   ᠢᠨᠳᠡᠷ ᠲᠠᠬᠢ ᠨᠠᠢᠮᠠᠳᠤᠭᠠᠷ ᠪᠠᠭ᠎ᠠ ᠰᠤᠷᠭᠠᠭᠤᠯᠢ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠬᠥᠳᠡᠯᠮᠦᠷᠢ ᠶᠢᠨ ᠪᠠᠶᠠᠷ ᠪᠠᠭ᠋ᠠᠳᠤᠯ ᠢ ᠭᠦᠨᠵᠡᠭᠡᠶ ᠪᠡᠶᠡᠴᠢᠯᠡᠨ ᠣᠶᠢᠯᠠᠭᠠᠵᠤ᠂ ᠲᠡᠳᠠᠨᠠᠷ ᠤᠨ ᠬᠥᠳᠡᠯᠮᠦᠷᠢ ᠶᠢᠨ ᠤᠷ᠎ᠠ ᠴᠢᠳᠠᠪᠤᠷᠢ ᠶᠢ ᠨᠡᠮᠡᠭᠳᠡᠭᠦᠯᠵᠦ᠂ ᠵᠥᠪ ᠣᠨᠣᠪᠴᠢᠲᠠᠶ ᠬᠥᠳᠡᠯᠮᠦᠷᠢ ᠶᠢᠨ ᠦᠵᠡᠯᠲᠡ ᠶᠢ ᠪᠤᠢ ᠪᠣᠯᠭᠠᠭᠰᠠᠨ ᠪᠥᠭᠡᠳ ᠪᠠᠰᠠ ᠬᠥᠳᠡᠯᠮᠦᠷᠢ ᠨᠢ ᠬᠤᠪᠢ ᠬᠥᠮᠦᠨ ᠤ ᠦᠰᠦᠨ ᠪᠤᠶᠢᠵᠢᠯᠲᠠ ᠪᠠ ᠬᠥᠭᠵᠢᠯᠲᠡ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠶ ᠤᠶᠢᠯᠠᠭᠠᠭᠤᠯᠤᠭᠰᠠᠨ ᠪᠠᠶᠢᠨ᠎ᠠ᠃  
 
ᠢᠷᠡᠯᠲᠡ᠄ ᠵᠠᠯᠠᠶᠢᠳ ​ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号