ᠵᠠᠯᠠᠶᠢᠳ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠳᠤᠬᠠᠢ ᠤᠬᠠᠭᠤᠯᠭ᠎ᠠ ᠬᠥᠮᠦᠵᠢᠯ ᠢ ᠰᠠᠶᠢᠳᠦᠷ ᠬᠢᠵᠤ ᠪᠠᠶᠢᠨ᠎ᠠ
ᠨᠡᠶᠢᠲᠡᠯᠡᠭᠰᠡᠨ ᠴᠠᠭ᠄
2024/6/19
    ︽ᠦᠨᠳᠦᠰᠦᠳᠡᠨ ᠨᠦᠭᠦᠳ ᠤᠨ ᠤᠯᠠᠨ ᠲᠦᠮᠡᠨ ᠴᠤᠬᠯᠠᠷᠠᠨ ᠰᠠᠭᠤᠨ᠂ ᠦᠪᠡᠷ ᠦᠪᠡᠷ ᠤᠨ ᠦᠨᠳᠦᠰᠦᠳᠡᠨ ᠤ ᠳᠠᠭᠤᠤ ᠪᠦᠵᠢᠭ ᠦᠯᠢᠭᠡᠷ ᠬᠤᠯᠪᠤᠭ᠎ᠠ ᠪᠠᠷ ᠢᠶᠠᠨ ᠤᠯᠠᠨ ᠤ ᠬᠠᠷᠠᠭ᠎ᠠ ᠰᠤᠨᠤᠷ ᠢ ᠪᠠᠶᠠᠰᠬᠠᠵᠦ᠂ ᠤᠮᠠᠷᠠᠳᠦ ᠬᠢᠯᠢ ᠶᠢᠨ ᠰᠤᠶᠤᠯ ᠤᠨ ᠡᠯᠪᠡᠭ ᠠᠭᠤᠯᠬᠤᠨ ᠢ ᠢᠯᠡᠷᠡᠬᠦᠯᠤᠨ᠂ ᠬᠠᠮᠳᠦ ᠪᠠᠷ ᠡᠭᠡ ᠤᠷᠤᠨ ᠢᠶᠠᠨ ᠮᠠᠬᠳᠠᠨ ᠳᠠᠭᠤᠯᠠᠵᠠᠭᠠᠨ᠎ᠠ ᠁︾᠂ ᠡᠨᠡ ᠪᠤᠯ ᠵᠠᠯᠠᠶᠢᠳ ᠬᠤᠰᠢᠭᠤᠨ ᠤ ᠪᠠᠶᠠᠬᠤᠯᠠᠭᠠᠨ ᠰᠤᠮᠤ ᠶᠢᠨ ᠪᠠᠶᠠᠨᠳᠠᠯ᠎ᠠ ᠠᠮᠢ ᠠᠬᠤᠢ ᠰᠤᠶᠤᠯ ᠵᠢᠭᠤᠯᠴᠢᠯᠠᠯ ᠤᠨ ᠤᠷᠤᠨ ᠳᠠᠬᠢ ᠡᠯ᠎ᠠ ᠦᠨᠳᠦᠰᠦᠳᠡᠨ ᠤ ᠤᠯᠠᠨ ᠲᠦᠮᠡᠨ ᠤ ᠰᠤᠶᠤᠯ ᠤᠷᠠᠯᠢᠬ ᠢᠶᠠᠨ ᠰᠤᠯᠢᠯᠴᠠᠨ ᠬᠠᠷᠢᠯᠴᠠᠭ᠎ᠠ ᠶᠠᠪᠤᠯᠴᠠᠭ᠎ᠠ ᠪᠠᠨ ᠠᠬᠢᠭᠤᠯᠵᠦ ᠪᠠᠶᠢᠭ᠎ᠠ ᠨᠢᠭᠡᠨ ᠦᠵᠡᠭᠳᠡᠯ ᠪᠤᠯᠤᠨ᠎ᠠ᠃       ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠵᠠᠯᠠᠶᠢᠳ ᠬᠤᠰᠢᠭᠤᠨ ᠤ ᠬᠢᠨ ︽ᠬᠦᠰᠡᠯ ᠨᠠᠶᠢᠳᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠠᠴᠢ ᠳᠤ ᠳᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠠᠬᠢᠵᠢᠭᠦᠯᠦᠶ᠎ᠡ︾ ᠭᠡᠬᠦ ᠭᠤᠤᠯ ᠰᠡᠳᠦᠪ ᠤᠨ ᠲᠣᠭᠤᠷᠢᠨ ᠳᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ︽8+N︾ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠦᠷᠦᠯ ᠤᠨ ᠠᠭᠤᠯᠭ᠎ᠠ ᠪᠠᠷ ᠡᠯᠪᠡᠭ ᠪᠠᠶᠠᠯᠢᠭ᠂ ᠬᠡᠯᠪᠡᠷᠢ ᠨᠢ ᠤᠯᠠᠨ ᠶᠠᠩᠵᠤ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠤᠬᠠᠭᠤᠯᠭ᠎ᠠ ᠬᠥᠮᠦᠵᠢᠯ ᠢ ᠪᠦᠲᠦᠮᠵᠢᠲᠡᠢ ᠥᠷᠨᠢᠭᠦᠯᠵᠦ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠤᠯᠭᠤᠪᠠ᠃       ᠡᠯᠪᠡᠭ ᠠᠭᠤᠯᠭ᠎ᠠ ᠪᠦᠬᠦᠢ ᠠᠵᠢᠯᠯᠠᠭ᠎ᠠ ᠶᠢ ᠢᠳᠡᠪᠬᠢᠳᠠᠢ ᠦᠷᠨᠢᠬᠦᠯᠪᠡᠡᠨᠡ ᠵᠢᠯ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ ᠪᠠ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ 2024 ᠣᠨ ᠤ ︽ᠪᠥᠬᠦ ᠬᠤᠰᠢᠭᠤᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ ᠤᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠤᠬᠠᠭᠤᠯᠭ᠎ᠠ ᠶᠢᠨ ᠰᠠᠷ᠎ᠠ ︵ᠭᠠᠷᠠᠭ︶ ᠶᠢᠨ ᠬᠠᠮᠢᠶ᠎ᠠ ᠪᠥᠬᠦᠶ ᠠᠵᠢᠯ ᠢ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠪᠠ᠃ ᠠᠵᠢᠯᠯᠠᠭ᠎ᠠ ᠡᠬᠢᠯᠡᠭᠰᠡᠨ ᠤ ᠲᠠᠷᠠᠭ᠎ᠠ᠂ ᠪᠦᠭᠦ ᠬᠤᠰᠢᠭᠤᠨ ᠤ ᠡᠯ᠎ᠡ ᠰᠠᠯᠠᠭ᠎ᠠ ᠮᠦᠴᠢᠷ ᠤᠨ ᠬᠢᠨ ᠡᠯᠪᠡᠭ ᠪᠠᠶᠠᠯᠢᠭ ᠠᠭᠤᠯᠭ᠎ᠠ ᠪᠦᠬᠦᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠪᠠ᠃
       ᠵᠠᠯᠠᠶᠢᠳ ᠬᠤᠰᠢᠭᠤᠨ ᠤ ᠬᠢᠨ ︽ᠤᠮᠠᠷᠠᠲᠤ ᠬᠢᠯᠢ ᠶᠢᠨ ᠰᠣᠶᠣᠯ · ᠠᠨᠠᠷ ᠤᠨ ᠦᠷ᠎ᠡ ᠶᠢᠨ ᠰᠡᠳᠭᠢᠯ ᠢᠶᠠᠨ ᠨᠢᠭᠡᠳᠭᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠣᠶᠣᠯ ᠤᠨ ᠶᠡᠭᠡ ᠲᠡᠭᠦᠪᠦᠷᠢ︾ ᠵᠡᠷᠭᠡ ᠪᠠᠷ ᠭᠤᠤᠯ ᠰᠡᠳᠦᠪ ᠪᠣᠯᠭᠠᠵᠤ᠂ ᠲᠦᠩ ᠰᠢᠨ ᠴᠡᠴᠡᠷᠯᠢᠭ ᠪᠠ ᠲᠦᠩ ᠰᠢᠨ ᠠᠭᠤᠳᠠᠮ ᠲᠠᠯᠠᠪᠠᠶ ᠳᠤ ︽ᠠᠨᠠᠷ ᠤᠨ ᠦᠷ᠎ᠡ︾ ᠶᠢᠨ ᠰᠣᠶᠣᠯ ᠤᠨ ᠶᠡᠭᠡ ᠴᠤᠭᠯᠠᠷᠠᠯ ᠤᠨ ᠠᠵᠢᠯᠯᠠᠭ᠎ᠠ ᠥᠷᠨᠢᠭᠦᠯᠵᠦ᠂ 2024 ᠣᠨ ᠤ ᠪᠥᠬᠦ ᠬᠤᠰᠢᠭᠤᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠬᠥᠰᠢᠭᠡ ᠶᠢ ᠨᠡᠭᠡᠭᠡᠭᠰᠡᠨ ᠪᠠᠶᠢᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠣᠶᠣᠯ ᠤᠨ ᠲᠤᠮᠤ ᠡᠮᠬᠢᠳᠭᠡᠯ᠂ ᠰᠣᠳᠣᠨ ᠵᠦᠴᠦᠭᠡ ᠶᠢᠨ ᠦᠵᠡᠭᠦᠯᠭᠡ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ᠂ ᠪᠢᠴᠢᠯᠭᠡ ᠵᠢᠷᠤᠭ ᠵᠡᠷᠭᠡ ᠶᠢ ᠠᠭᠤᠰᠤᠯᠴᠠᠭᠤᠯᠬᠤ ᠪᠠᠷ ᠳᠠᠮᠵᠢᠭᠤᠯᠵᠤ᠂ ᠤᠮᠠᠷᠠᠲᠤ ᠭᠢᠯᠢ ᠶᠢᠨ ᠰᠣᠶᠣᠯ ᠤᠨ ᠴᠠᠭ ᠦᠶ᠎ᠡ ᠶᠢᠨ ᠦᠷᠳᠡᠭ ᠢ ᠭᠦᠢᠴᠡᠳ ᠢᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠵᠠᠯᠠᠶᠢᠳ ᠤᠨ ᠲᠦᠷᠦᠯ ᠲᠡᠮᠳᠡᠭᠳᠦ ᠶᠢ ᠴᠢᠷᠮᠠᠶᠢᠨ ᠡᠭᠦᠳᠴᠡᠢ᠃ ᠵᠠᠯᠠᠶᠢᠳ ᠬᠤᠰᠢᠭᠤᠨ ᠤ ᠢᠨᠳᠡᠷ ᠪᠠᠯᠭᠠᠰᠤ ᠪᠠᠰᠠ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠭᠤᠣᠯ ᠰᠡᠳᠦᠪᠲᠦ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃     ᠠᠭᠤᠯᠭ᠎ᠠ ᠶᠢ ᠪᠠᠶᠠᠯᠢᠬᠵᠢᠭᠤᠯᠤᠨ ᠠᠴᠢᠶᠠᠯᠠᠪᠤᠷᠢ ᠶᠢ ᠰᠢᠨᠡᠳᠭᠡᠪᠡ      ︽ᠪᠢᠳᠡ ᠡᠷᠡᠰ ᠭᠤᠶᠢᠪᠢᠰᠢ ᠦᠭᠡᠢ ᠪᠠᠷ ᠨᠠᠮ ᠢᠶᠠᠨ ᠬᠦᠷᠢᠶᠡᠯᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠢᠨ᠎ᠡ ᠴᠠᠭ ᠦᠶ᠎ᠡ ᠶᠢᠨ ᠰᠢᠨ᠎ᠡ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ ᠁︾ ᠭᠡᠵᠦ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠨᠤᠮᠤᠷᠢ ᠭᠠᠴᠠᠭ᠎ᠠ ᠶᠢᠨ ᠲᠤᠩᠭᠠᠯᠠᠭ ᠪᠤᠯᠤᠨ ᠦᠬᠡᠷ ᠲᠡᠵᠢᠭᠡᠨ ᠦᠷᠡᠵᠢᠭᠦᠯᠬᠦ ᠲᠣᠮᠣ ᠡᠷᠦᠬᠡ ᠬᠠᠨ ᠰᠢᠶᠤᠤ ᠵᠢᠩ ᠨᠡᠷ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠠᠶᠢᠯ ᠠᠶᠢᠮᠠᠬ ᠤᠨ ᠠᠬ᠎ᠠ ᠳᠠᠬᠦᠦ ᠨᠠᠷ ᠲᠠᠭᠠᠨ ᠤᠯᠠᠮᠵᠢᠯᠠᠨ ᠳᠠᠮᠵᠢᠭᠤᠯᠤᠨ᠎ᠠ᠃ ︽ᠮᠠᠨ ᠤ ᠡ᠊ᠨᠳᠡ ᠴᠥᠭᠡᠨ ᠲᠣᠭᠠᠲᠤ ᠦᠨᠳᠦᠰᠦᠲᠡᠨ ᠤ ᠲᠣᠰᠬᠤᠨ ᠤ ᠠᠷᠠᠳ ᠨᠡᠯᠢᠶᠡᠳ ᠤᠯᠠᠨ᠂ ᠪᠠᠰᠠ ᠵᠠᠬ᠎ᠠ ᠬᠢᠵᠠᠭᠠᠷ ᠣᠷᠣᠨ ᠪᠣᠯᠬᠤᠷ ᠵᠠᠪᠠᠯ ᠰᠡᠳᠬᠢᠯ ᠳᠠᠯᠪᠢᠨ ᠬᠠᠶᠢᠷ᠎ᠠ ᠰᠡᠳᠬᠢᠯᠭᠡ ᠲᠠᠢ ᠰᠠᠶᠢᠬᠠᠨ ᠤᠬᠠᠭᠤᠯᠤᠨ ᠲᠠᠶᠢᠯᠪᠤᠷᠢᠯᠠᠬᠤ ᠭᠡᠷᠡᠭᠳᠠᠢ᠂ ᠢᠡᠭᠬᠢᠪᠡᠯ ᠠᠷᠠᠳ ᠲᠦᠮᠡᠨ ᠰᠠᠶ᠋ᠢ ᠣᠶᠢᠯᠠᠭᠠᠵᠤ ᠲᠠᠶᠢᠯᠤᠨ᠎ᠠ︾ ᠭᠡᠵᠦ ᠳᠤᠩᠭᠠᠯᠠᠬ ᠶᠠᠷᠢᠨ᠎ᠠ᠃ 2021 ᠣᠨ ᠤ 4 ᠰᠠᠷ᠎ᠠ ᠳᠤ᠂ ᠬᠦᠷᠡᠯ ᠪᠠᠯᠭᠠᠰᠤᠨ ᠤ ᠬᠢᠨ ︽ᠪᠦᠰᠡᠬᠦᠢ︾ ᠸᠢᠴᠠᠲ ᠤᠨ ᠴᠤᠬᠯᠠᠷᠠᠯ ᠢ ᠪᠠᠶᠢᠭᠤᠯᠵᠤ᠂ ᠣᠲᠣ ᠨᠢᠭᠡᠨᠲᠡ 300 ᠭᠠᠷᠤᠶ ᠭᠡᠰᠢᠬᠦᠨ ᠲᠠᠢ ᠪᠣᠯᠤᠭᠰᠠᠨ ᠪᠠᠶᠢᠨ᠎ᠠ᠃ ᠳᠤᠰ ᠴᠤᠬᠯᠠᠷᠠᠯ ᠤᠨ ᠭᠡᠰᠢᠬᠦᠳ ᠨᠢ ᠦᠨᠳᠦᠰᠦᠨ ᠱᠠᠲᠤᠨ ᠳᠤ ᠦᠰᠦᠨ ᠪᠤᠶᠢᠵᠢᠵᠤ᠂ ᠤᠯᠠᠨ ᠲᠦᠮᠡᠨ ᠤ ᠳᠤᠮᠳᠠ ᠢᠳᠡᠪᠬᠢᠲᠡᠢ ᠠᠵᠢᠯᠯᠠᠵᠤ᠂ ︽ᠲᠣᠰᠬᠤᠨ ᠪᠣᠯᠭᠠᠨ ᠳᠤ ᠴᠤᠤᠷᠢᠶᠠᠲᠤᠬᠤ︾  ᠪᠦᠷᠢᠶ᠎ᠡ ᠶᠢᠨ ᠦᠢᠯᠡᠳᠦᠯ ᠢ ᠪᠠᠳᠠᠷᠠᠭᠤᠯᠵᠤ᠂ ᠨᠡᠩ ᠳᠣᠲᠣᠨᠣ ᠲᠦᠷᠦᠭᠳᠡᠯ ᠲᠠᠢ ᠨᠤᠲᠤᠭ ᠤᠨ ᠠᠶᠠᠯᠭᠤ ᠪᠠᠷ ᠨᠠᠮ ᠤᠨ ᠲᠠᠭᠤᠨ ᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠪᠠ᠃       ᠡᠭᠦᠨ ᠤ ᠬᠠᠮᠲᠤ᠂ ᠪᠠᠶᠠᠨᠵᠢᠯᠠᠭ᠎ᠠ ᠰᠢᠶᠠᠩ ᠤᠨ ᠰᠤᠷᠤᠯᠴᠠᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠭᠡᠰᠢᠬᠦᠳ ᠪᠠᠰᠠ ᠰᠢᠶᠠᠩ ᠤᠨ ᠬᠤᠳᠠᠯᠳᠤᠭᠠᠨ ᠤ ᠳᠡᠯᠭᠡᠭᠦᠷ ᠤᠨ ᠵᠡᠭᠡᠯᠢ ᠭᠤᠳᠤᠮᠵᠢ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠵᠡᠷᠭᠡ ᠪᠠᠷ ᠬᠦᠷᠴᠦ᠂ ᠪᠢᠴᠢᠯ ᠬᠢᠴᠢᠶᠡᠯ ᠤᠨ ᠲᠠᠩᠬᠢᠮ ᠤᠨ ᠤᠨᠤᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠦ᠂ ᠨᠡᠷᠡᠳᠦ ᠬᠦᠮᠦᠰ ᠤᠨ ᠶᠠᠷᠢᠶ᠎ᠠ᠂ ᠤᠯᠤᠰ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠠᠷᠠᠳ ᠤᠯᠠᠨ ᠳᠤ ᠳᠠᠶᠢᠯᠪᠤᠷᠢᠯᠠᠵᠦ᠂ ᠰᠤᠷᠤᠯᠴᠠᠭᠤᠯᠵᠦ᠂ ᠤᠯᠠᠮᠵᠢᠯᠠᠭᠤᠯᠵᠦ᠂ ᠦᠨᠳᠦᠰᠦᠨ ᠱᠠᠲᠤᠨ ᠤ ᠤᠨᠤᠯ ᠢ ᠤᠬᠠᠭᠤᠯᠤᠨ ᠲᠠᠶᠢᠯᠪᠤᠷᠢᠯᠠᠬᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠠᠢ᠃       ᠠᠵᠢᠯᠯᠠᠭ᠎ᠠ ᠶᠢᠨ ᠬᠤᠭᠤᠴᠠᠭᠠᠨ ᠳᠤ᠂ ᠵᠠᠯᠠᠶᠢᠳ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ︵ᠲᠥᠪ︶ ᠵᠢᠴᠢ ᠨᠡᠶᠢᠭᠡᠮ ᠲᠣᠭᠤᠷᠢᠭ ᠤᠨ ᠬᠢᠨ ᠨᠡᠶᠢᠲᠡ 60 ᠭᠠᠷᠤᠶ ᠲᠠᠯᠠᠪᠤᠷ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠥᠯᠢᠭᠡᠷ ᠬᠤᠪᠢᠶᠠᠯᠴᠠᠬᠤ ᠬᠤᠷᠠᠯ ᠪᠠ ᠣᠨᠣᠯ ᠤᠨ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠶᠢ ᠡᠷᠭᠢᠯᠡᠵᠦ᠂ 3.5 ᠲᠦᠮᠡ ᠭᠠᠷᠤᠶ ᠣᠯᠠᠨ ᠲᠦᠮᠡᠨ ᠢ ᠬᠠᠮᠤᠷᠤᠬᠰᠠᠨ ᠪᠠᠶᠢᠨ᠎ᠠ᠃ ᠡᠭᠦᠨ ᠤ ᠬᠠᠮᠲᠤ᠂ ︽ᠰᠦᠯᠵᠢᠶᠡᠨ ᠳᠡᠭᠡᠷᠡᠬᠢ︾ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠧᠯᠸᠢᠰ᠂ ᠷᠠᠳᠢᠣ᠋ ᠨᠡᠪᠲᠡᠷᠡᠭᠦᠯᠭᠡ᠂ ᠵᠠᠯᠠᠶᠢᠳ ᠤᠨ ᠪᠢᠴᠢᠯ ᠮᠡᠳᠡᠭᠡᠯᠡᠯ ᠵᠡᠷᠭᠡ ᠬᠠᠮ ᠵᠠᠭᠤᠴᠢᠯᠠᠭᠤᠷ ᠶᠢ ᠠᠰᠢᠭᠯᠠᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠳᠤ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠡᠬᠦᠨ ᠳᠤ᠂ ᠵᠠᠯᠠᠶᠢᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠵᠠᠭᠤᠴᠢᠯᠠᠭᠤᠷ ᠤᠨ ᠲᠠᠪᠴᠠᠩ ᠳᠤ ᠭᠠᠷᠭᠠᠭᠰᠠᠨ ᠲᠤᠰᠬᠠᠶ ᠰᠡᠳᠦᠪᠳᠦ ᠲᠤᠰᠬᠠᠶ ᠪᠤᠯᠤᠩ ᠨᠢ ᠭᠦᠨᠵᠡᠭᠡᠶ ᠪᠥᠭᠡᠳ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠤᠰᠢᠭᠤᠨ ᠤ ᠠᠷᠠᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃     ᠬᠦᠨᠵᠡᠭᠡᠢ ᠳᠠᠶᠢᠯᠪᠤᠷᠢᠯᠠᠵᠦ ᠪᠤᠳᠠᠳᠤ ᠦᠷ᠎ᠠ ᠠᠰᠢᠬ ᠤᠯᠪᠠ     ᠤᠶᠢᠷ᠎ᠠ ᠶᠢᠨ ᠡᠳᠦᠷ᠂ ᠢᠨᠳᠡᠷ ᠲᠠᠬᠢ ᠶᠢᠰᠦᠳᠤᠭᠡᠷ ᠪᠠᠭ᠎ᠠ ᠰᠤᠷᠭᠠᠭᠤᠯᠢ ᠳᠤ ︽ᠦᠨᠳᠦᠰᠦᠲᠡᠨ ᠤ ᠬᠠᠶᠢᠷ᠎ᠠ ᠰᠡᠳᠬᠢᠯᠭᠡ᠂ ᠰᠡᠳᠭᠢᠯ ᠵᠢᠷᠦᠬᠡ ᠶᠢ ᠬᠤᠯᠪᠣᠬᠤ︾ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠢᠳᠡ ᠬᠦᠭ ᠲᠠᠢ ᠶᠠᠪᠤᠭᠳᠠᠵᠤ ᠪᠠᠶᠢᠯ᠎ᠠ᠃ ᠤᠬᠠᠭᠤᠯᠤᠨ ᠲᠠᠶᠢᠯᠪᠤᠷᠢᠯᠠᠬᠤ ᠪᠠᠭᠰᠢ ᠨᠠᠷ ᠭᠦᠨᠵᠡᠭᠡᠢ ᠪᠥᠭᠡᠳ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠵᠤ᠂ ᠰᠤᠷᠤᠭᠴᠢᠳ ᠲᠤ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠢ ᠭᠦᠨᠵᠡᠭᠡᠢ ᠲᠠᠨᠢᠭᠤᠯᠵᠤ᠂ ᠵᠠᠯᠠᠭᠤᠴᠤᠳ ᠪᠠᠭᠠᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠬᠢᠭᠤᠯᠤᠭᠴᠢ᠂ ᠦᠢᠯᠡᠳᠦᠯᠭᠡᠵᠢᠭᠦᠯᠦᠭᠴᠢ ᠪᠠ ᠰᠠᠬᠢᠨ ᠬᠠᠮᠠᠭᠠᠯᠠᠭᠴᠢ ᠪᠣᠯᠭᠠᠨ᠎ᠠ᠃ ᠰᠤᠷᠭᠠᠭᠤᠯᠢ ᠶᠢᠨ ᠬᠢᠨ ᠪᠠᠰᠠ ︽ᠦᠨᠳᠦᠰᠦᠲᠡᠨ ᠨᠦᠭᠦᠳ ᠤᠨ ᠤᠯᠠᠨ ᠲᠦᠮᠡᠨ ᠨᠢᠭᠡᠨ ᠬᠡᠷ ᠤᠨ ᠬᠥᠮᠦᠨ ᠮᠡᠳᠦ ᠳᠤᠳᠤᠨᠤᠰᠤᠬ︾ ᠭᠡᠬᠦ ᠭᠤᠤᠯ ᠰᠡᠳᠦᠪᠲᠦ ᠤᠯᠤᠰ ᠤᠨ ᠲᠤᠭ ᠤᠨ ᠳᠣᠤᠷᠠᠬᠢ ᠶᠠᠷᠢᠶ᠎ᠠ᠂ ᠭᠤᠤᠯ ᠰᠡᠳᠦᠪᠲᠦ ᠠᠩᠭᠢ ᠶᠢᠨ ᠬᠢᠴᠢᠶᠡᠯ᠂ ᠬᠠᠭᠤᠯᠤᠮᠠᠯ ᠰᠣᠨᠢᠨ᠂ ᠰᠠᠮᠪᠠᠷ᠎ᠠ ᠶᠢᠨ ᠰᠣᠨᠢᠨ ᠵᠡᠷᠭᠡ ᠠᠯᠢ ᠣᠯᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠪᠠ ᠬᠠᠤᠯᠢᠵᠢᠯ ᠤᠨ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠭᠢᠯ ᠳᠤ ᠦᠨᠳᠦᠰᠦᠯᠡᠭᠦᠯᠵᠡᠶ᠃
    ᠣᠶᠢᠷ᠎ᠠ ᠶᠢᠨ ᠡᠳᠦᠷ ᠤᠳ ᠲᠤ᠂ ᠵᠠᠯᠠᠶᠢᠳ ᠬᠤᠰᠢᠭᠤᠨ ᠤ ᠡᠯ᠎ᠡ ᠭᠠᠵᠠᠷ ᠤᠨ ᠬᠢᠨ ᠪᠣᠳᠠᠲᠠᠶ ᠳᠠᠭᠠᠨ ᠰᠠᠭᠤᠷᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠪᠠᠶᠢᠩᠭᠤ ᠶᠢᠨ ᠲᠣᠭᠲᠠᠴᠠ ᠶᠢ ᠢᠳᠡᠪᠬᠢᠲᠡᠶ ᠪᠠᠶᠢᠭᠤᠯᠪᠡ᠃ ︽ᠥᠨᠥᠳᠦᠷ ᠮᠠᠨ ᠤ ᠠᠭᠤᠳᠠᠮ ᠲᠠᠯᠠᠪᠠᠶ ᠶᠢᠨ ᠪᠥᠵᠢᠭ ᠤᠨ ᠠᠩᠭᠢ ᠠᠴᠠ ︿ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠳᠡᠭᠦᠦ﹀ ᠶᠢᠨ ᠦᠯᠢᠭᠡᠷ ᠢ ᠶᠠᠷᠢᠵᠤ ᠥᠭᠭᠦᠨ᠎ᠠ᠃ ᠯᠦᠩ ᠮᠧᠶ ᠪᠣᠯᠤᠨ ᠢᠦᠶ ᠷᠦᠩ ᠬᠤᠶᠠᠷ ᠪᠢᠴᠢᠬᠠᠨ ᠡᠭᠡᠴᠢ ᠳᠡᠭᠦᠦ ᠠᠮᠠᠷᠠᠯᠲᠠ ᠶᠢᠨ ᠬᠤᠭᠤᠴᠠᠭᠠᠨ ᠳᠠᠭᠠᠨ ᠪᠠᠷᠢᠭᠠᠳᠠ ᠶᠢᠨ ᠬᠤᠨᠢ ᠶᠢ ᠬᠠᠷᠢᠭᠤᠯᠬᠤ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠪᠡ ᠁︾ ᠭᠡᠵᠦ ᠪᠤᠯᠭᠠᠨᠬᠤᠸᠠ ᠭᠠᠴᠠᠭᠠᠨ ᠤ ᠰᠣᠶᠣᠯ ᠤᠨ ᠥᠷᠥᠭᠡᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠶᠠᠷᠢᠬᠤ ᠳᠠᠭᠤᠨ ᠰᠣᠨᠣᠰᠳᠠᠵᠤ ᠪᠠᠶᠢᠯ᠎ᠠ᠃ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠤᠨ ᠤ ᠠᠷᠪᠡᠨᠭᠡᠷ ᠭᠠᠴᠠᠭ᠎ᠠ ᠶᠢᠨ ᠬᠢᠨ ᠥᠷᠯᠥᠭᠡ ᠪᠦᠷᠢ ᠶᠢᠨ ᠨᠠᠢᠮᠠᠨ ᠴᠠᠭ ᠬᠠᠭᠠᠰ ᠤᠨ ᠦᠶ᠎ᠡ ᠪᠠᠷ ᠭᠠᠴᠠᠭᠠᠨ ᠤ ᠯᠠᠪᠠᠷ ᠢᠶᠠᠷ ᠤᠯᠤᠰ ᠤᠨ ᠳᠦᠷᠦ ᠶᠢᠨ ᠪᠤᠲᠤᠯᠭ᠎ᠠ ᠬᠠᠤᠯᠢ ᠲᠣᠭᠲᠠᠭᠠᠯ ᠤᠨ ᠲᠠᠶᠢᠯᠤᠮᠵᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠮᠡᠳᠡᠯᠭᠡ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠵᠡᠷᠭᠡ ᠠᠭᠤᠯᠭ᠎ᠠ ᠶᠢ ᠨᠡᠪᠲᠡᠷᠡᠭᠦᠯᠳᠡᠭ᠃ ︽ᠪᠢ ᠠᠵᠢᠯ ᠬᠢᠬᠦ ᠶᠢᠨ ᠳᠠᠭᠠᠤ ᠪᠠᠰᠠ ᠪᠠᠭ᠎ᠠ ᠪᠤᠰᠤ ᠮᠡᠳᠡᠯᠭᠡ ᠡᠵᠡᠮᠰᠢᠵᠦ ᠪᠠᠶᠢᠨ᠎ᠠ ᠰᠢᠦ︾ ᠭᠡᠵᠦ ᠭᠠᠴᠭᠠᠠᠨ ᠤ ᠠᠷᠠᠳ ᠬᠤᠪᠢᠰᠬᠠᠯᠳᠤ ᠭᠡᠯᠡᠪᠡ᠃
      ︽ᠵᠠᠯᠠᠶᠢᠳ ᠬᠤᠰᠢᠭᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠤᠰᠬᠠᠶ ᠰᠡᠳᠦᠪᠲᠦ ᠲᠠᠶᠢᠯᠤᠮᠵᠢ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠦᠨᠵᠡᠭᠡᠶ ᠲᠠᠶᠢᠯᠪᠤᠷᠢᠯᠠᠵᠤ᠂ ᠡᠭᠦᠨ ᠤ ᠬᠠᠮᠲᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠪᠤᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠤᠨᠤᠯ ᠤᠨ ᠲᠤᠬᠠᠢ ᠣᠶᠢᠯᠠᠭᠠᠯᠲᠠ ᠪᠠ ᠲᠠᠨᠢᠯᠲᠠ ᠶᠢ ᠨᠢ ᠭᠦᠨᠵᠡᠭᠡᠶᠢᠷᠡᠭᠦᠯᠵᠦ᠂ ᠡᠭᠦᠨ ᠤ ᠤᠯᠠᠮ ᠠᠴᠠ ᠲᠡᠳᠡᠨ ᠢ ᠵᠣᠷᠢᠭᠵᠢᠭᠤᠯᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠢᠳᠡᠪᠬᠢᠲᠡᠢ ᠣᠷᠣᠯᠴᠠᠭᠤᠯᠵᠤ᠂ ᠳᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠭᠢᠯ ᠤᠨ ᠭᠦᠨ ᠳᠤ ᠦᠨᠳᠦᠰᠦᠯᠡᠭᠦᠯᠦᠨ᠎ᠡ︾ ᠭᠡᠵᠦ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠡᠷᠬᠢᠯᠡᠭᠴᠢ ᠪᠠᠶ ᠢᠦᠶ ᠯᠠᠨ ᠢᠯᠡᠷᠭᠡᠶᠢᠯᠡᠵᠤ ᠪᠠᠶᠢᠯ᠎ᠠ᠃                    ᠪᠠᠢ ᠢᠦᠢ ᠯᠢᠶᠠᠩ    ᠱᠦ ᠭᠤᠸᠠᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号