ᠵᠠᠯᠠᠶᠢᠳ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠵᠢᠴᠢ ᠤᠯᠤᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/19
      6 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ 2024 ᠣᠨ ᠤ ᠠᠷᠪᠠ ᠶᠢᠰᠦᠳᠦᠭᠡᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ︵ᠠᠮᠤᠷ ᠠᠮᠤᠭᠤᠯᠠᠩ ᠵᠠᠯᠠᠶᠢᠳ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ︶ ᠤᠨ ᠬᠤᠷᠠᠯ ᠪᠠ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠴᠢᠬᠤᠯᠠ ᠵᠣᠬᠢᠶᠠᠯ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ᠬᠤᠷᠠᠯ ᠢ ᠡᠷᠭᠢᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ  ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠬᠦ ᠶᠢ ᠠᠬᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠵᠤ᠂ ᠲᠠᠷᠢᠶᠠᠨ ᠦᠷ᠎ᠡ  ᠶᠢ ᠭᠦᠶᠦᠭᠡᠨ ᠪᠤᠯᠠᠵᠤ ᠳᠤᠰᠤᠯᠭᠠᠨ ᠤᠰᠤᠯᠠᠬᠤ᠂ ᠥᠨᠳᠥᠷ ᠪᠦᠲᠦᠮᠵᠢᠲᠡᠢ ᠤᠰᠤ ᠠᠷᠪᠢᠯᠠᠬᠤ ᠵᠡᠷᠭᠡ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠴᠢᠩᠭᠠᠳᠬᠠᠵᠤ᠂ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ︽ᠬᠤᠶᠠᠷ ᠢ ᠤᠷᠢᠨ ᠡᠯᠰᠡᠵᠦ ᠬᠤᠶᠠᠷ ᠢ ᠤᠷᠤᠭᠤᠯᠤᠨ ᠠᠪᠴᠢᠷᠠᠬᠤ︾ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠤᠶᠠᠨ ᠬᠠᠳᠠᠨ ᠴᠢᠨᠠᠷᠲᠠᠢ ᠪᠠᠷ ᠣᠷᠣᠭᠤᠯᠤᠨ ᠠᠪᠴᠢᠷᠠᠬᠤ᠂ ᠲᠤᠰᠬᠠᠢ ᠮᠡᠷᠭᠡᠵᠢᠯᠲᠡᠨ ᠴᠢᠳᠠᠪᠤᠷᠢᠲᠠᠨ ᠢ ᠬᠠᠪᠰᠤᠷᠤᠨ ᠲᠡᠳᠬᠦᠬᠦ᠂ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠰᠠᠶᠢᠲᠤᠷ ᠬᠢᠵᠦ᠂ ᠡᠮᠦᠨ᠎ᠡ ᠬᠡᠰᠡᠭ ᠤᠨ ᠭᠠᠵᠠᠷ ᠣᠷᠣᠨ ᠤ ᠲᠠᠷᠢᠮᠠᠯ ᠤᠨ ᠮᠡᠷᠭᠡᠵᠢᠯ᠂ ᠬᠤᠶᠢᠲᠤ ᠬᠡᠰᠡᠭ ᠤᠨ ᠭᠠᠵᠠᠷ ᠣᠷᠣᠨ ᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ ᠪᠦᠳᠦᠭᠡᠨ ᠪᠠᠶᠢᠭᠤᠯᠬᠤ᠂ ᠡᠷᠲᠡᠬᠡᠨ ᠠᠰᠢᠭᠯᠠᠯᠲᠠ ᠳᠤ ᠣᠷᠣᠭᠤᠯᠬᠤ᠂ ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠨᠢᠭᠡᠨᠲᠡ ᠪᠠᠶᠢᠭᠤᠯᠤᠭᠰᠠᠨ ᠲᠦᠷᠦᠯ ᠵᠦᠢᠯ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠤᠷᠬᠢᠯ ᠤᠨ ᠬᠤᠭᠤᠴᠠᠭ᠎ᠠ ᠶᠢ ᠠᠳᠬᠤᠵᠤ᠂ ᠤᠳᠤ ᠶᠢᠨ ᠪᠠᠶᠢᠭ᠎ᠠ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠵᠢᠭᠤᠯᠴᠢᠯᠠᠯ ᠤᠨ ᠠᠵᠤ ᠦᠢᠯᠡᠰ ᠤᠨ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ᠂ ᠵᠠᠮ ᠬᠠᠷᠢᠯᠴᠠᠭ᠎ᠠ᠂ ᠨᠡᠭᠦᠷᠡᠰᠦᠨ ᠤ ᠪᠤᠰᠤ ᠠᠭᠤᠷᠬᠠᠢ᠂ ᠥᠨᠳᠥᠷ ᠳᠠᠪᠬᠤᠷᠭ᠎ᠠ ᠶᠢᠨ ᠭᠠᠯ  ᠰᠡᠷᠭᠡᠶᠢᠯᠡᠵᠤ ᠤᠨᠲᠠᠷᠠᠭᠠᠬᠤ ᠵᠡᠷᠭᠡ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠲᠦᠭᠰᠢᠭᠦᠷᠢᠲᠦ ᠪᠠᠶᠢᠳᠠᠯ ᠲᠣᠬᠢᠶᠠᠯᠳᠤᠪᠠᠯ ᠥᠨᠳᠥᠷ ᠪᠦᠲᠦᠮᠵᠢᠲᠡᠢ ᠠᠮᠤᠷ ᠲᠦᠪᠰᠢᠨ ᠢᠶᠠᠷ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃         ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢᠨ᠎ᠡ ᠪᠠᠶᠢᠳᠠᠯ ᠳᠣᠣᠷᠠᠬᠢ ᠤᠯᠤᠰ ᠤᠨ ᠠᠮᠤᠷ ᠲᠦᠪᠰᠢᠨ ᠪᠣᠯᠤᠨ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠵᠤ᠂ ᠠᠵᠤ ᠠᠬᠤᠢ ᠶᠢᠨ ᠠᠮᠤᠷ ᠲᠦᠪᠰᠢᠨ ᠢ ᠪᠠᠲᠤᠯᠠᠵᠤ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠢ ᠰᠠᠶᠢᠲᠤᠷ ᠬᠢᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ᠠᠮᠤᠷ ᠠᠮᠤᠭᠤᠯᠠᠩ ᠵᠠᠯᠠᠶᠢᠳ︾ ᠤᠨ ᠪᠥᠲᠥᠭᠡᠨ ᠪᠠᠶᠢᠭᠤᠯᠤᠯᠲᠠ ᠶᠢᠨ ᠨᠠᠩ ᠰᠠᠶᠢᠨ ᠦᠷ᠎ᠡ ᠪᠦᠲᠦᠮᠵᠢ ᠤᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠶ᠃ ᠤᠳᠤᠷᠢᠳᠬᠤ ᠺᠠᠳ᠋ᠷ ᠤᠨ ᠡᠭᠡᠯᠵᠢᠯᠡᠨ ᠰᠤᠷᠪᠤᠯᠵᠢᠯᠠᠯ ᠢ ᠬᠦᠯᠢᠶᠡᠨ ᠠᠪᠬᠤ᠂  ᠰᠠᠨᠠᠭᠠᠴᠢᠯᠠᠭ᠎ᠠ ᠠᠴᠠ ᠪᠠᠨ ᠪᠣᠯᠵᠣᠨ ᠰᠤᠷᠪᠤᠯᠵᠢᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠢᠳᠡᠪᠬᠢᠲᠡᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯ ᠤᠨ ᠠᠵᠢᠯ ᠢ ᠥᠨᠳᠥᠷ ᠦᠷ᠎ᠡ ᠪᠦᠲᠦᠮᠵᠢᠲᠡᠢ ᠪᠠᠷ ᠰᠠᠶᠢᠲᠤᠷ ᠬᠢᠬᠦ ᠬᠡᠷᠡᠭᠲᠡᠢ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠦᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠮᠢᠶᠠᠷᠤᠯᠲᠠ ᠡᠵᠡᠮᠳᠡᠯ ᠢ ᠰᠠᠶᠢᠲᠤᠷ ᠬᠢᠵᠦ᠂ ᠰᠦᠯᠵᠢᠶᠡᠨ ᠳᠡᠭᠡᠷᠡᠬᠢ ᠭᠤᠤᠯ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠵᠤ᠂ ᠵᠠᠯᠠᠶᠢᠳ ᠤᠨ ᠥᠯᠢᠭᠡᠷ ᠢ ᠰᠠᠶᠢᠲᠤᠷ ᠶᠠᠷᠢᠵᠤ᠂ ᠵᠠᠯᠠᠶᠢᠳ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠣᠭᠠᠴᠢᠯᠠᠭᠰᠠᠨ ᠠᠵᠤ ᠦᠢᠯᠡᠰᠵᠢᠯᠲᠡ ᠶᠢᠨ ᠬᠥᠭᠵᠢᠯᠲᠡ ᠶᠢ ᠠᠬᠢᠭᠤᠯᠵᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃     ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠪᠰᠤᠷᠤᠨ ᠲᠡᠳᠬᠦᠬᠦ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠲᠦᠬᠦᠭᠡᠷᠦᠮᠵᠢᠲᠦ ᠲᠠᠷᠢᠶᠠᠯᠠᠩ᠂  ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠢ ᠲᠠᠶᠢᠴᠢᠯᠠᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠤᠯᠠᠨ ᠠᠷᠭ᠎ᠠ ᠵᠠᠮ ᠢᠶᠠᠷ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠲᠣᠣᠷ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠲᠦᠷᠢᠮ ᠢ ᠰᠠᠶᠢᠲᠤᠷ ᠬᠡᠷᠡᠭᠯᠡᠵᠦ᠂ ᠵᠥᠷᠢᠴᠡᠯ ᠢ ᠡᠬᠢ ᠡᠭᠦᠰᠦᠯ ᠠᠴᠠ ᠨᠢ ᠠᠷᠢᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠣᠶᠢᠯᠠᠭᠠᠭᠳᠠᠬᠤᠨ ᠪᠣᠯᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾᠂ ︽ᠭᠤᠷᠪᠠ ᠶᠢ ᠲᠣᠭᠲᠠᠪᠤᠷᠢᠵᠢᠭᠤᠯᠵᠤ ᠲᠠᠪᠤ ᠶᠢ ᠠᠬᠢᠭᠤᠯᠬᠤ︾ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠲᠦᠷᠦ ᠶᠢᠨ ᠨᠠᠮ ᠤᠨ ᠵᠥᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠶᠢ ᠴᠢᠩᠭᠠᠳᠬᠠᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠲᠥᠯᠥᠭᠡᠯᠡᠭᠴᠢ ᠬᠥᠮᠦᠰ ᠢ ᠲᠠᠶᠢᠴᠢᠯᠠᠨ ᠵᠢᠯᠣᠭᠤᠳᠴᠤ ᠪᠠᠶᠢᠭᠠᠳ ᠦᠨᠡᠨ ᠦᠭᠡ ᠬᠡᠯᠡᠬᠦ᠂ ᠰᠠᠶᠢᠨ ᠠᠷᠭ᠎ᠠ ᠪᠤᠳᠤᠯᠭ᠎ᠠ ᠳᠡᠪᠰᠢᠭᠦᠯᠬᠦ᠂ ᠪᠣᠳᠠᠲᠠᠢ ᠶᠠᠪᠤᠳᠠᠯ ᠬᠢᠯᠭᠡᠵᠦ᠂ ᠵᠥᠪᠯᠡᠯᠭᠡᠨ ᠤ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ  ᠭᠡᠵᠤ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号