ᠵᠠᠯᠠᠶᠢᠳ ᠬᠤᠰᠢᠭᠤ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/6/19
     ᠡᠨᠡ ᠵᠢᠯ ᠤᠨ 6 ᠳ᠋ᠤᠭᠠᠷ ᠰᠠᠷ᠎ᠠ ᠪᠣᠯ ᠪᠦᠬᠦ ᠤᠯᠤᠰ ᠤᠨ 23 ᠳᠠᠬᠢ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠃ ᠤᠶᠢᠷ᠎ᠠ ᠶᠢᠨ ᠡᠳᠦᠷ ᠤᠳ ᠲᠤ᠂ ᠵᠠᠯᠠᠶᠢᠳ ᠬᠤᠰᠢᠭᠤᠨ ᠤ ᠠᠶᠤᠯᠭᠦᠶ ᠦᠢᠯᠡᠳᠪᠦᠷᠢᠯᠡᠯ  ᠤᠨ ᠵᠥᠪᠯᠡᠯ ᠬᠤᠰᠢᠭᠤᠨ ᠤ ᠰᠣᠶᠣᠯ ᠤᠬᠠᠭᠤᠯᠭ᠎ᠠ ᠶᠢᠨ ᠲᠥᠪ ᠲᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ︾ ᠭᠡᠭᠦ ᠭᠤᠤᠯ ᠰᠡᠳᠦᠪᠳᠦ ᠠᠶᠤᠯᠭᠦᠶ ᠦᠢᠯᠡᠳᠪᠤᠷᠢᠯᠡᠯ ᠤᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠪᠦᠷᠢᠯᠳᠦᠬᠦᠨ ᠨᠢᠭᠡᠴᠢ ᠶᠢᠨ ᠬᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠠᠢ ᠳᠤ ᠠᠰᠠᠭᠤᠨ ᠯᠠᠪᠯᠠᠯᠳᠠ ᠶᠢᠨ ᠲᠠᠪᠴᠠᠩ ᠭᠠᠷᠭᠠᠬᠤ ᠵᠡᠷᠭᠡ ᠬᠡᠯᠪᠡᠷᠢ ᠪᠠᠷ ᠠᠷᠠᠳ ᠤᠯᠠᠨ ᠳᠤ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠪᠠᠶᠢᠭᠠᠯᠢ ᠶᠢᠨ ᠭᠠᠮᠰᠢᠭ ᠪᠣᠯᠣᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠶᠡᠷᠦ ᠶᠢᠨ ᠮᠡᠳᠡᠯᠭᠡ ᠶᠢ ᠤᠬᠠᠭᠤᠯᠵᠠᠢ᠃      ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 7 ᠤᠬᠠᠭᠤᠯᠭ᠎ᠠ ᠶᠢᠨ ᠰᠠᠮᠪᠠᠷ᠎ᠠ ᠶᠢ ᠲᠡᠯᠭᠡᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 600 ᠭᠠᠷᠤᠶ ᠬᠤᠪᠢ ᠲᠠᠷᠬᠠᠭᠠᠨ᠂ ᠲᠤᠬᠠᠶ ᠶᠢᠨ ᠲᠠᠯᠠᠪᠠᠢ ᠳᠤ 200 ᠭᠠᠷᠤᠶ ᠬᠦᠮᠦᠨ ᠤ ᠠᠰᠠᠭᠤᠨ ᠯᠠᠪᠯᠠᠯᠳᠠ ᠳᠤ ᠵᠦᠪ ᠬᠠᠷᠢᠭᠤᠯᠳᠠ ᠦᠭᠴᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ︾ ᠰᠠᠶᠢᠨ ᠰᠠᠶᠢᠬᠠᠨ ᠠᠮᠤᠷ ᠲᠦᠪᠰᠢᠨ ᠤ ᠠᠭᠤᠷ ᠠᠮᠢᠰᠬᠤᠯ ᠢ ᠪᠣᠶ ᠪᠣᠯᠭᠠᠪᠠ᠃
                     ᠴᠧᠨ ᠰᠢᠶᠣᠣ   ᠵᠠᠩ ᠬᠤᠩ ᠪᠢᠶᠣᠣ ᠰᠡᠭᠦᠳᠡᠷᠯᠡᠨ ᠮᠡᠳᠡᠭᠡᠯᠡᠪᠡ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号