ᠠᠯᠪᠠᠨ ᠵᠢᠷᠦᠮ ᠤᠨ ᠡᠮᠴᠢᠯᠡᠭᠡ ᠪᠠᠷ ᠠᠷᠠᠳ ᠲᠤ ᠬᠠᠷᠠᠭᠠᠯᠵᠠᠯ ᠬᠦᠷᠳᠡᠭᠡᠵᠦ ᠪᠤᠢ
ᠨᠡᠶᠢᠲᠡᠯᠡᠭᠰᠡᠨ ᠴᠠᠭ᠄
2024/6/19
   ᠤᠶᠢᠷ᠎ᠠ ᠳᠤ᠂ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠬᠤᠷᠢᠶ᠎ᠠ ᠶᠢᠨ ᠵᠠᠯᠠᠶᠢᠳ ᠬᠤᠰᠢᠭᠤᠨ ᠤ ᠮᠤᠩᠭᠤᠯ ᠡᠮᠨᠡᠯᠬᠡ ᠶᠢᠨ ᠬᠤᠷᠢᠶ᠎ᠠ ᠪᠤᠯᠤᠨ ᠬᠦᠷᠡᠯ ᠭᠤᠤᠯ ᠡᠷᠡᠬᠦᠯ ᠬᠠᠮᠠᠭᠠᠯᠠᠯ ᠤᠨ ᠬᠤᠷᠢᠶ᠎ᠠ ᠬᠠᠮᠳᠤᠪᠡᠷ ᠪᠠᠳᠠᠷᠠᠬᠤ ᠲᠠᠷᠢᠶᠠᠯᠠᠩ ᠤᠨ ᠲᠠᠯᠠᠪᠦᠷ ᠤᠨ ᠡᠮᠴᠢᠯᠡᠬᠡᠨ ᠤ ᠦᠢᠯᠡᠴᠢᠯᠡᠭᠡ ᠶᠢᠨ ᠦᠷᠳᠡᠬᠡᠨ ᠳᠤ ᠬᠦᠷᠴᠦ᠂ ᠲᠤᠬᠠᠢ ᠶᠢᠨ ᠭᠠᠵᠠᠷ ᠤᠨ 65 ᠨᠠᠰᠦᠨ ᠠᠴᠠ ᠲᠡᠭᠡᠭᠰᠢᠬᠢ ᠨᠠᠰᠦᠳᠠᠶᠢᠴᠤᠳ ᠲᠤ ᠦᠨ᠎ᠡ ᠲᠦᠯᠦᠪᠦᠷᠢ ᠦᠬᠡᠢ ᠪᠠᠷ ᠪᠡᠶ᠎ᠡ ᠶᠢᠨ ᠪᠠᠶᠢᠴᠠᠭᠠᠯᠳᠠ ᠵᠢᠴᠢ ︽ᠡᠮᠴᠢᠯᠡᠬᠡᠨ ᠤ ᠡᠬᠢ ᠪᠠᠶᠠᠯᠢᠭ ᠢ ᠲᠤᠷᠤᠬᠰᠢ ᠪᠠᠭᠤᠯᠭᠠᠬᠤ︾ ᠠᠯᠪᠠᠨ ᠵᠢᠷᠦᠮ ᠤᠨ ᠡᠮᠴᠢᠯᠡᠭᠡᠨ ᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ᠠᠵᠢᠯᠯᠠᠭ᠎ᠠ ᠶᠢᠨ ᠲᠠᠯᠠᠪᠦᠷ ᠲᠤ᠂ ᠡᠮᠴᠢᠯᠡᠬᠡᠨ ᠤ ᠪᠦᠯᠬᠦᠮ ᠠᠴᠠ ᠲᠤᠬᠠᠢ ᠶᠢᠨ ᠭᠠᠵᠠᠷ ᠤᠨ ᠨᠠᠰᠦᠳᠠᠶᠢᠴᠤᠳ ᠲᠤ ᠴᠢᠰᠦᠨ ᠲᠠᠷᠦᠯᠳᠠ᠂ ᠴᠢᠰᠦᠨ ᠰᠢᠬᠢᠷ᠂ ᠵᠢᠷᠦᠬᠡᠨ ᠴᠠᠬᠢᠯᠭᠠᠨ᠂ B ᠬᠡᠳᠦ ᠲᠤᠯᠬᠢᠶᠠᠨ ᠵᠡᠷᠭᠡ ᠤᠯᠠᠨ ᠲᠦᠷᠦᠯ ᠤᠨ ᠪᠠᠶᠢᠴᠠᠭᠠᠯᠳᠠ ᠬᠢᠵᠦ ᠦᠭᠬᠦᠭᠰᠡᠨ ᠪᠠᠶᠢᠨ᠎ᠠ᠃ ᠡᠬᠦᠨ ᠤ ᠬᠠᠮᠳᠤ᠂ ᠨᠠᠰᠦᠳᠠᠶᠢᠴᠤᠳ ᠲᠤ ᠦᠷᠬᠦᠯᠵᠢ ᠲᠤᠬᠢᠶᠠᠯᠳᠤᠳᠠᠭ ᠡᠪᠡᠳᠴᠢᠨ ᠳᠤ ᠡᠷᠡᠬᠦᠯ ᠮᠡᠨᠳᠤ ᠶᠢᠨ ᠠᠰᠠᠭᠤᠨ ᠯᠠᠪᠯᠠᠯᠳᠠ ᠪᠠ ᠡᠮ ᠬᠡᠷᠡᠭᠯᠡᠬᠦ ᠵᠢᠯᠤᠭᠤᠳᠤᠯᠭ᠎ᠠ ᠬᠠᠨᠭ᠍ᠭᠠᠵᠦ᠂ ᠲᠡᠳᠡᠨ ᠢ ᠬᠠᠪᠰᠦᠷᠦᠨ ᠦᠪᠡᠷ ᠤᠨ ᠪᠡᠶ᠎ᠡ ᠶᠢᠨ ᠡᠷᠡᠬᠦᠯ ᠴᠢᠬᠢᠷᠠᠭ ᠤᠨ ᠪᠠᠶᠢᠳᠠᠯ ᠢᠶᠠᠨ ᠨᠡᠩ ᠰᠠᠶᠢᠨ ᠤᠶᠢᠯᠠᠭᠠᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠰᠤᠪᠢᠯᠠᠬᠤ ᠮᠡᠳᠡᠯᠬᠡ ᠵᠢᠭᠠᠵᠦ ᠦᠭᠬᠦᠭᠰᠡᠨ ᠪᠠᠶᠢᠨ᠎ᠠ᠃       ᠡᠮᠴᠢᠯᠡᠬᠡᠨ ᠤ ᠪᠦᠯᠬᠦᠮ ᠪᠠᠰᠠ ᠬᠦᠨᠳᠤ ᠡᠪᠡᠳᠴᠢᠳᠡᠨ ᠲᠠᠢ ᠬᠡᠷ ᠪᠦᠯᠢ ᠳᠤ ᠬᠦᠷᠴᠦ᠂ ᠡᠪᠡᠳᠴᠢᠳᠡᠨ ᠳᠤ ᠪᠡᠶ᠎ᠡ ᠶᠢᠨ ᠪᠠᠶᠢᠴᠠᠭᠠᠯᠳᠠ ᠬᠢᠵᠦ᠂ ᠡᠪᠡᠳᠴᠢᠳᠡᠨ ᠤ ᠪᠤᠳᠠᠳᠠᠢ ᠪᠠᠶᠢᠳᠠᠯ ᠢ ᠦᠨᠳᠦᠰᠦᠯᠡᠨ ᠤᠨᠤᠰᠢᠯᠠᠨ ᠵᠠᠰᠠᠬᠤ ᠲᠦᠰᠦᠪ ᠲᠤᠬᠳᠠᠭᠠᠵᠦ ᠦᠭᠬᠦᠭᠰᠡᠨ ᠪᠦᠭᠡᠳ ᠲᠡᠳᠡᠡ ᠲᠠᠢ ᠬᠡᠷ ᠪᠦᠯᠢ ᠶᠢᠨ ᠡᠮᠴᠢ ᠶᠢᠨ ᠦᠢᠯᠡᠴᠢᠯᠡᠬᠡᠨ ᠤ ᠵᠦᠪᠯᠡᠯᠴᠡᠭᠡᠷ ᠲᠤᠬᠳᠠᠵᠦ᠂ ᠡᠪᠡᠳᠴᠢᠳᠡᠨ ᠤ ᠴᠠᠭ ᠲᠤᠬᠠᠢ ᠳᠤᠨᠢ ᠡᠮᠴᠢᠯᠡᠬᠡᠨ ᠤ ᠦᠢᠯᠡᠴᠢᠯᠡᠭᠡ ᠤᠯᠵᠦ ᠬᠦᠷᠳᠡᠬᠦ ᠶᠢ ᠪᠠᠳᠦᠯᠠᠬᠰᠠᠨ ᠪᠠᠶᠢᠨ᠎ᠠ᠃ᠲᠤᠰ ᠤᠳᠠᠭᠠᠨ ᠤ ︽ᠡᠮᠴᠢᠯᠡᠬᠡᠨ ᠤ ᠡᠬᠢ ᠪᠠᠶᠠᠯᠢᠭ ᠢ ᠲᠤᠷᠤᠬᠰᠢ ᠪᠠᠭᠤᠯᠭᠠᠬᠤ︾ ᠠᠯᠪᠠᠨ ᠵᠢᠷᠦᠮ ᠤᠨ ᠡᠮᠴᠢᠯᠡᠬᠡᠨ ᠤ ᠠᠵᠢᠯᠯᠠᠭ᠎ᠠ ᠨᠢ ᠪᠠᠳᠠᠷᠠᠬᠤ ᠲᠠᠷᠢᠶᠠᠯᠠᠩ ᠤᠨ ᠲᠠᠯᠠᠪᠦᠷ ᠤᠨ ᠨᠠᠰᠦᠳᠠᠶᠢᠴᠤᠳ ᠲᠤ ᠡᠮᠴᠢᠯᠡᠬᠡᠨ ᠤ ᠬᠠᠷᠠᠭᠠᠯᠵᠠᠯ ᠬᠦᠷᠳᠡᠭᠡᠵᠦ᠂ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠦᠢᠯᠡᠴᠢᠯᠡᠭᠡ ᠶᠢᠨ ᠬᠦᠷᠳᠡᠭᠡᠮᠵᠢ ᠶᠢᠨ ᠲᠦᠷᠦᠭᠳᠡᠯ ᠢ ᠤᠯᠠᠮ ᠨᠢᠬᠡ ᠠᠯᠬᠤᠮ ᠲᠡᠭᠡᠭᠰᠢᠯᠡᠬᠦᠯᠦᠭᠰᠡᠨ ᠪᠠᠶᠢᠨ᠎ᠠ᠃
                                ︵ᠵᠠᠩ ᠴᠤᠤ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号