| ︽ᠦᠨᠳᠦᠰᠦᠳᠡᠨ ᠨᠦᠭᠦᠳ ᠤᠨ ᠤᠯᠠᠨ ᠲᠦᠮᠡᠨ ᠴᠤᠬᠯᠠᠷᠠᠨ ᠰᠠᠭᠤᠨ᠂ ᠦᠪᠡᠷ ᠦᠪᠡᠷ ᠤᠨ ᠦᠨᠳᠦᠰᠦᠳᠡᠨ ᠤ | ᠳᠠᠭᠤᠤ ᠪᠦᠵᠢᠭ ᠦᠯᠢᠭᠡᠷ ᠬᠤᠯᠪᠤᠭ᠎ᠠ ᠪᠠᠷ ᠢᠶᠠᠨ ᠤᠯᠠᠨ ᠤ ᠬᠠᠷᠠᠭ᠎ᠠ ᠰᠤᠨᠤᠷ ᠢ ᠪᠠᠶᠠᠰᠬᠠᠵᠦ᠂ ᠤᠮᠠᠷᠠᠳᠦ ᠬᠢᠯᠢ ᠶᠢᠨ | ᠰᠤᠶᠤᠯ ᠤᠨ ᠡᠯᠪᠡᠭ ᠠᠭᠤᠯᠬᠤᠨ ᠢ ᠢᠯᠡᠷᠡᠬᠦᠯᠤᠨ᠂ ᠬᠠᠮᠳᠦ ᠪᠠᠷ ᠡᠭᠡ ᠤᠷᠤᠨ ᠢᠶᠠᠨ ᠮᠠᠬᠳᠠᠨ ᠳᠠᠭᠤᠯᠠᠵᠠᠭᠠᠨ᠎ᠠ ᠁ | ︾᠂ ᠡᠨᠡ ᠪᠤᠯ ᠵᠠᠯᠠᠶᠢᠳ ᠬᠤᠰᠢᠭᠤᠨ ᠤ ᠪᠠᠶᠠᠬᠤᠯᠠᠭᠠᠨ ᠰᠤᠮᠤ ᠶᠢᠨ ᠪᠠᠶᠠᠨᠳᠠᠯ᠎ᠠ ᠠᠮᠢ ᠠᠬᠤᠢ ᠰᠤᠶᠤᠯ | ᠵᠢᠭᠤᠯᠴᠢᠯᠠᠯ ᠤᠨ ᠤᠷᠤᠨ ᠳᠠᠬᠢ ᠡᠯ᠎ᠠ ᠦᠨᠳᠦᠰᠦᠳᠡᠨ ᠤ ᠤᠯᠠᠨ ᠲᠦᠮᠡᠨ ᠤ ᠰᠤᠶᠤᠯ ᠤᠷᠠᠯᠢᠬ ᠢᠶᠠᠨ ᠰᠤᠯᠢᠯᠴᠠᠨ | ᠬᠠᠷᠢᠯᠴᠠᠭ᠎ᠠ ᠶᠠᠪᠤᠯᠴᠠᠭ᠎ᠠ ᠪᠠᠨ ᠠᠬᠢᠭᠤᠯᠵᠦ ᠪᠠᠶᠢᠭ᠎ᠠ ᠨᠢᠭᠡᠨ ᠦᠵᠡᠭᠳᠡᠯ ᠪᠤᠯᠤᠨ᠎ᠠ᠃ | ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ | ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠵᠠᠯᠠᠶᠢᠳ | ᠬᠤᠰᠢᠭᠤᠨ ᠤ ᠬᠢᠨ ︽ᠬᠦᠰᠡᠯ ᠨᠠᠶᠢᠳᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠠᠴᠢ ᠳᠤ ᠳᠠᠯᠠᠷᠬᠠᠨ ᠡᠷᠡᠯᠬᠡᠭᠯᠡᠨ | ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ | ᠣᠷᠣᠨ ᠢ ᠪᠥᠬᠦ ᠲᠠᠯ᠎ᠠ ᠪᠠᠷ ᠪᠠᠬᠢᠵᠢᠭᠦᠯᠦᠶ᠎ᠡ︾ ᠭᠡᠬᠦ ᠭᠤᠤᠯ ᠰᠡᠳᠦᠪ ᠤᠨ ᠲᠣᠭᠤᠷᠢᠨ ᠳᠤ᠂ ᠤᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ | ᠪᠤᠳᠤᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ︽8+N︾ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠦᠷᠦᠯ ᠤᠨ ᠠᠭᠤᠯᠭ᠎ᠠ ᠪᠠᠷ ᠡᠯᠪᠡᠭ ᠪᠠᠶᠠᠯᠢᠭ᠂ ᠬᠡᠯᠪᠡᠷᠢ ᠨᠢ | ᠤᠯᠠᠨ ᠶᠠᠩᠵᠤ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠤᠬᠠᠭᠤᠯᠭ᠎ᠠ ᠬᠥᠮᠦᠵᠢᠯ ᠢ ᠪᠦᠲᠦᠮᠵᠢᠲᠡᠢ ᠥᠷᠨᠢᠭᠦᠯᠵᠦ | ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠤᠯᠭᠤᠪᠠ᠃ | ᠡᠯᠪᠡᠭ ᠠᠭᠤᠯᠭ᠎ᠠ ᠪᠦᠬᠦᠢ ᠠᠵᠢᠯᠯᠠᠭ᠎ᠠ ᠶᠢ ᠢᠳᠡᠪᠬᠢᠳᠠᠢ ᠦᠷᠨᠢᠬᠦᠯᠪᠡ | ᠡᠨᠡ ᠵᠢᠯ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ | ᠤᠬᠠᠭᠤᠯᠬᠤ ᠬᠡᠯᠲᠡᠰ ᠪᠠ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠤᠷᠭᠠᠨ ᠬᠥᠮᠦᠵᠢᠯ ᠤᠨ | ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ 2024 ᠣᠨ ᠤ ︽ | ᠪᠥᠬᠦ ᠬᠤᠰᠢᠭᠤᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ | ᠬᠠᠤᠯᠢᠵᠢᠯ ᠤᠨ ᠤᠬᠠᠭᠤᠯᠭ᠎ᠠ ᠶᠢᠨ ᠭᠠᠷᠠᠭ ᠤᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠠᠵᠢᠯ ᠤᠨ | ᠭᠤᠤᠯ ᠰᠢᠵᠢᠮ ᠪᠣᠯᠭᠠᠵᠤ᠂ ᠤᠬᠠᠭᠤᠯᠭ᠎ᠠ ᠶᠢᠨ ᠰᠠᠷ᠎ᠠ ︵ᠭᠠᠷᠠᠭ︶ ᠶᠢᠨ ᠬᠠᠮᠢᠶ᠎ᠠ ᠪᠥᠬᠦᠶ ᠠᠵᠢᠯ ᠢ ᠨᠠᠷᠢᠨ ᠨᠢᠮᠪᠠᠶ | ᠳᠣᠭᠢᠷᠠᠭᠤᠯᠤᠨ ᠪᠠᠶᠢᠷᠢᠯᠠᠭᠤᠯᠪᠠ᠃ ᠠᠵᠢᠯᠯᠠᠭ᠎ᠠ ᠡᠬᠢᠯᠡᠭᠰᠡᠨ ᠤ ᠲᠠᠷᠠᠭ᠎ᠠ᠂ ᠪᠦᠭᠦ ᠬᠤᠰᠢᠭᠤᠨ ᠤ ᠡᠯ᠎ᠡ ᠰᠠᠯᠠᠭ᠎ᠠ | ᠮᠦᠴᠢᠷ ᠤᠨ ᠬᠢᠨ ᠡᠯᠪᠡᠭ ᠪᠠᠶᠠᠯᠢᠭ ᠠᠭᠤᠯᠭ᠎ᠠ ᠪᠦᠬᠦᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ | ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠪᠠ᠃ | ᠵᠠᠯᠠᠶᠢᠳ ᠬᠤᠰᠢᠭᠤᠨ ᠤ ᠬᠢᠨ ︽ᠤᠮᠠᠷᠠᠲᠤ ᠬᠢᠯᠢ ᠶᠢᠨ ᠰᠣᠶᠣᠯ · ᠠᠨᠠᠷ ᠤᠨ ᠦᠷ᠎ᠡ ᠶᠢᠨ ᠰᠡᠳᠭᠢᠯ ᠢᠶᠠᠨ | ᠨᠢᠭᠡᠳᠭᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠣᠶᠣᠯ ᠤᠨ ᠶᠡᠭᠡ ᠲᠡᠭᠦᠪᠦᠷᠢ︾ ᠵᠡᠷᠭᠡ ᠪᠠᠷ ᠭᠤᠤᠯ ᠰᠡᠳᠦᠪ | ᠪᠣᠯᠭᠠᠵᠤ᠂ ᠲᠦᠩ ᠰᠢᠨ ᠴᠡᠴᠡᠷᠯᠢᠭ ᠪᠠ ᠲᠦᠩ ᠰᠢᠨ ᠠᠭᠤᠳᠠᠮ ᠲᠠᠯᠠᠪᠠᠶ ᠳᠤ ︽ᠠᠨᠠᠷ ᠤᠨ ᠦᠷ᠎ᠡ︾ ᠶᠢᠨ | ᠰᠣᠶᠣᠯ ᠤᠨ ᠶᠡᠭᠡ ᠴᠤᠭᠯᠠᠷᠠᠯ ᠤᠨ ᠠᠵᠢᠯᠯᠠᠭ᠎ᠠ ᠥᠷᠨᠢᠭᠦᠯᠵᠦ᠂ 2024 ᠣᠨ ᠤ ᠪᠥᠬᠦ ᠬᠤᠰᠢᠭᠤᠨ ᠤ ︽ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠬᠥᠰᠢᠭᠡ ᠶᠢ ᠨᠡᠭᠡᠭᠡᠭᠰᠡᠨ ᠪᠠᠶᠢᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠣᠶᠣᠯ ᠤᠨ ᠲᠤᠮᠤ ᠡᠮᠬᠢᠳᠭᠡᠯ᠂ ᠰᠣᠳᠣᠨ ᠵᠦᠴᠦᠭᠡ ᠶᠢᠨ | ᠦᠵᠡᠭᠦᠯᠭᠡ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ᠂ ᠪᠢᠴᠢᠯᠭᠡ ᠵᠢᠷᠤᠭ ᠵᠡᠷᠭᠡ ᠶᠢ | ᠠᠭᠤᠰᠤᠯᠴᠠᠭᠤᠯᠬᠤ ᠪᠠᠷ ᠳᠠᠮᠵᠢᠭᠤᠯᠵᠤ᠂ ᠤᠮᠠᠷᠠᠲᠤ ᠭᠢᠯᠢ ᠶᠢᠨ ᠰᠣᠶᠣᠯ ᠤᠨ ᠴᠠᠭ ᠦᠶ᠎ᠡ ᠶᠢᠨ ᠦᠷᠳᠡᠭ ᠢ | ᠭᠦᠢᠴᠡᠳ ᠢᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠵᠠᠯᠠᠶᠢᠳ ᠤᠨ ᠲᠦᠷᠦᠯ ᠲᠡᠮᠳᠡᠭᠳᠦ ᠶᠢ ᠴᠢᠷᠮᠠᠶᠢᠨ | ᠡᠭᠦᠳᠴᠡᠢ᠃ ᠵᠠᠯᠠᠶᠢᠳ ᠬᠤᠰᠢᠭᠤᠨ ᠤ ᠢᠨᠳᠡᠷ ᠪᠠᠯᠭᠠᠰᠤ ᠪᠠᠰᠠ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠭᠤᠣᠯ ᠰᠡᠳᠦᠪᠲᠦ ᠵᠠᠯᠠᠭᠤᠴᠤᠳ ᠤᠨ ᠤᠬᠠᠭᠤᠯᠤᠨ | ᠲᠠᠶᠢᠯᠪᠤᠷᠢᠯᠠᠬᠤ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃ | | | | ᠠᠭᠤᠯᠭ᠎ᠠ ᠶᠢ ᠪᠠᠶᠠᠯᠢᠬᠵᠢᠭᠤᠯᠤᠨ ᠠᠴᠢᠶᠠᠯᠠᠪᠤᠷᠢ ᠶᠢ ᠰᠢᠨᠡᠳᠭᠡᠪᠡ | ︽ᠪᠢᠳᠡ ᠡᠷᠡᠰ ᠭᠤᠶᠢᠪᠢᠰᠢ ᠦᠭᠡᠢ ᠪᠠᠷ ᠨᠠᠮ ᠢᠶᠠᠨ ᠬᠦᠷᠢᠶᠡᠯᠡᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠵᠤ᠂ ᠰᠢᠨ᠎ᠡ ᠴᠠᠭ ᠦᠶ᠎ᠡ ᠶᠢᠨ ᠰᠢᠨ᠎ᠡ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ ᠁︾ | ᠭᠡᠵᠦ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠨᠤᠮᠤᠷᠢ ᠭᠠᠴᠠᠭ᠎ᠠ ᠶᠢᠨ ᠲᠤᠩᠭᠠᠯᠠᠭ ᠪᠤᠯᠤᠨ ᠦᠬᠡᠷ ᠲᠡᠵᠢᠭᠡᠨ | ᠦᠷᠡᠵᠢᠭᠦᠯᠬᠦ ᠲᠣᠮᠣ ᠡᠷᠦᠬᠡ ᠬᠠᠨ ᠰᠢᠶᠤᠤ ᠵᠢᠩ ᠨᠡᠷ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ | ᠠᠶᠢᠯ ᠠᠶᠢᠮᠠᠬ ᠤᠨ ᠠᠬ᠎ᠠ ᠳᠠᠬᠦᠦ ᠨᠠᠷ ᠲᠠᠭᠠᠨ ᠤᠯᠠᠮᠵᠢᠯᠠᠨ ᠳᠠᠮᠵᠢᠭᠤᠯᠤᠨ᠎ᠠ᠃ ︽ᠮᠠᠨ ᠤ ᠡ᠊ᠨᠳᠡ ᠴᠥᠭᠡᠨ | ᠲᠣᠭᠠᠲᠤ ᠦᠨᠳᠦᠰᠦᠲᠡᠨ ᠤ ᠲᠣᠰᠬᠤᠨ ᠤ ᠠᠷᠠᠳ ᠨᠡᠯᠢᠶᠡᠳ ᠤᠯᠠᠨ᠂ ᠪᠠᠰᠠ ᠵᠠᠬ᠎ᠠ ᠬᠢᠵᠠᠭᠠᠷ ᠣᠷᠣᠨ ᠪᠣᠯᠬᠤᠷ | ᠵᠠᠪᠠᠯ ᠰᠡᠳᠬᠢᠯ ᠳᠠᠯᠪᠢᠨ ᠬᠠᠶᠢᠷ᠎ᠠ ᠰᠡᠳᠬᠢᠯᠭᠡ ᠲᠠᠢ ᠰᠠᠶᠢᠬᠠᠨ ᠤᠬᠠᠭᠤᠯᠤᠨ ᠲᠠᠶᠢᠯᠪᠤᠷᠢᠯᠠᠬᠤ ᠭᠡᠷᠡᠭᠳᠠᠢ᠂ ᠢᠡᠭᠬᠢᠪᠡᠯ | ᠠᠷᠠᠳ ᠲᠦᠮᠡᠨ ᠰᠠᠶ᠋ᠢ ᠣᠶᠢᠯᠠᠭᠠᠵᠤ ᠲᠠᠶᠢᠯᠤᠨ᠎ᠠ︾ ᠭᠡᠵᠦ ᠳᠤᠩᠭᠠᠯᠠᠬ ᠶᠠᠷᠢᠨ᠎ᠠ᠃ 2021 ᠣᠨ ᠤ 4 ᠰᠠᠷ᠎ᠠ ᠳᠤ᠂ | ᠬᠦᠷᠡᠯ ᠪᠠᠯᠭᠠᠰᠤᠨ ᠤ ᠬᠢᠨ ︽ᠪᠦᠰᠡᠬᠦᠢ︾ ᠸᠢᠴᠠᠲ ᠤᠨ ᠴᠤᠬᠯᠠᠷᠠᠯ ᠢ ᠪᠠᠶᠢᠭᠤᠯᠵᠤ᠂ ᠣᠲᠣ ᠨᠢᠭᠡᠨᠲᠡ 300 | ᠭᠠᠷᠤᠶ ᠭᠡᠰᠢᠬᠦᠨ ᠲᠠᠢ ᠪᠣᠯᠤᠭᠰᠠᠨ ᠪᠠᠶᠢᠨ᠎ᠠ᠃ ᠳᠤᠰ ᠴᠤᠬᠯᠠᠷᠠᠯ ᠤᠨ ᠭᠡᠰᠢᠬᠦᠳ ᠨᠢ ᠦᠨᠳᠦᠰᠦᠨ ᠱᠠᠲᠤᠨ ᠳᠤ | ᠦᠰᠦᠨ ᠪᠤᠶᠢᠵᠢᠵᠤ᠂ ᠤᠯᠠᠨ ᠲᠦᠮᠡᠨ ᠤ ᠳᠤᠮᠳᠠ ᠢᠳᠡᠪᠬᠢᠲᠡᠢ ᠠᠵᠢᠯᠯᠠᠵᠤ᠂ ︽ᠲᠣᠰᠬᠤᠨ ᠪᠣᠯᠭᠠᠨ ᠳᠤ | ᠴᠤᠤᠷᠢᠶᠠᠲᠤᠬᠤ︾ ᠪᠦᠷᠢᠶ᠎ᠡ ᠶᠢᠨ ᠦᠢᠯᠡᠳᠦᠯ ᠢ ᠪᠠᠳᠠᠷᠠᠭᠤᠯᠵᠤ᠂ ᠨᠡᠩ ᠳᠣᠲᠣᠨᠣ ᠲᠦᠷᠦᠭᠳᠡᠯ ᠲᠠᠢ ᠨᠤᠲᠤᠭ ᠤᠨ | ᠠᠶᠠᠯᠭᠤ ᠪᠠᠷ ᠨᠠᠮ ᠤᠨ ᠲᠠᠭᠤᠨ ᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠪᠠ᠃ | ᠡᠭᠦᠨ ᠤ ᠬᠠᠮᠲᠤ᠂ ᠪᠠᠶᠠᠨᠵᠢᠯᠠᠭ᠎ᠠ ᠰᠢᠶᠠᠩ ᠤᠨ ᠰᠤᠷᠤᠯᠴᠠᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠬᠢ ᠶᠢᠨ ᠭᠡᠰᠢᠬᠦᠳ ᠪᠠᠰᠠ ᠰᠢᠶᠠᠩ ᠤᠨ ᠬᠤᠳᠠᠯᠳᠤᠭᠠᠨ ᠤ ᠳᠡᠯᠭᠡᠭᠦᠷ ᠤᠨ ᠵᠡᠭᠡᠯᠢ ᠭᠤᠳᠤᠮᠵᠢ᠂ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠵᠡᠷᠭᠡ ᠪᠠᠷ ᠬᠦᠷᠴᠦ᠂ ᠪᠢᠴᠢᠯ ᠬᠢᠴᠢᠶᠡᠯ ᠤᠨ ᠲᠠᠩᠬᠢᠮ ᠤᠨ | ᠤᠨᠤᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠦ᠂ ᠨᠡᠷᠡᠳᠦ ᠬᠦᠮᠦᠰ ᠤᠨ ᠶᠠᠷᠢᠶ᠎ᠠ᠂ ᠤᠯᠤᠰ ᠤᠨ | ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠠᠷᠠᠳ ᠤᠯᠠᠨ ᠳᠤ ᠳᠠᠶᠢᠯᠪᠤᠷᠢᠯᠠᠵᠦ᠂ ᠰᠤᠷᠤᠯᠴᠠᠭᠤᠯᠵᠦ᠂ | ᠤᠯᠠᠮᠵᠢᠯᠠᠭᠤᠯᠵᠦ᠂ ᠦᠨᠳᠦᠰᠦᠨ ᠱᠠᠲᠤᠨ ᠤ ᠤᠨᠤᠯ ᠢ ᠤᠬᠠᠭᠤᠯᠤᠨ ᠲᠠᠶᠢᠯᠪᠤᠷᠢᠯᠠᠬᠤ ︽ᠬᠠᠮᠤᠭ ᠡᠴᠦᠰ ᠤᠨ ᠨᠢᠭᠡ | ᠺᠢᠯᠣᠮᠧᠲᠷ︾ ᠢ ᠨᠡᠪᠲᠡᠷᠡᠭᠦᠯᠵᠠᠢ᠃ | ᠠᠵᠢᠯᠯᠠᠭ᠎ᠠ ᠶᠢᠨ ᠬᠤᠭᠤᠴᠠᠭᠠᠨ ᠳᠤ᠂ ᠵᠠᠯᠠᠶᠢᠳ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ︵ᠲᠥᠪ︶ | ᠵᠢᠴᠢ ᠨᠡᠶᠢᠭᠡᠮ ᠲᠣᠭᠤᠷᠢᠭ ᠤᠨ ᠬᠢᠨ ᠨᠡᠶᠢᠲᠡ 60 ᠭᠠᠷᠤᠶ ᠲᠠᠯᠠᠪᠤᠷ ᠤᠷᠠᠨ ᠰᠠᠶᠢᠬᠠᠨ ᠤ ᠬᠠᠮᠲᠤᠷᠠᠭᠰᠠᠨ | ᠲᠣᠭᠯᠠᠯᠲᠠ᠂ ᠥᠯᠢᠭᠡᠷ ᠬᠤᠪᠢᠶᠠᠯᠴᠠᠬᠤ ᠬᠤᠷᠠᠯ ᠪᠠ ᠣᠨᠣᠯ ᠤᠨ ᠤᠬᠠᠭᠤᠯᠤᠨ ᠲᠠᠶᠢᠯᠪᠤᠷᠢᠯᠠᠬᠤ ᠵᠡᠷᠭᠡ | ᠠᠵᠢᠯᠯᠠᠭ᠎ᠠ ᠶᠢ ᠡᠷᠭᠢᠯᠡᠵᠦ᠂ 3.5 ᠲᠦᠮᠡ ᠭᠠᠷᠤᠶ ᠣᠯᠠᠨ ᠲᠦᠮᠡᠨ ᠢ ᠬᠠᠮᠤᠷᠤᠬᠰᠠᠨ ᠪᠠᠶᠢᠨ᠎ᠠ᠃ ᠡᠭᠦᠨ ᠤ ᠬᠠᠮᠲᠤ᠂ | ︽ᠰᠦᠯᠵᠢᠶᠡᠨ ᠳᠡᠭᠡᠷᠡᠬᠢ︾ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠬᠢᠨ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ ᠲᠧᠯᠸᠢᠰ᠂ ᠷᠠᠳᠢᠣ᠋ ᠨᠡᠪᠲᠡᠷᠡᠭᠦᠯᠭᠡ᠂ ᠵᠠᠯᠠᠶᠢᠳ ᠤᠨ ᠪᠢᠴᠢᠯ ᠮᠡᠳᠡᠭᠡᠯᠡᠯ ᠵᠡᠷᠭᠡ ᠬᠠᠮ ᠵᠠᠭᠤᠴᠢᠯᠠᠭᠤᠷ ᠶᠢ | ᠠᠰᠢᠭᠯᠠᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠥᠷᠭᠡᠨ ᠢᠶᠠᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠣᠶ ᠪᠣᠯᠭᠠᠬᠤ ᠳᠤ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠭᠰᠠᠨ | ᠪᠠᠶᠢᠨ᠎ᠠ᠃ ᠡᠬᠦᠨ ᠳᠤ᠂ ᠵᠠᠯᠠᠶᠢᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠵᠠᠭᠤᠴᠢᠯᠠᠭᠤᠷ ᠤᠨ | ᠲᠠᠪᠴᠠᠩ ᠳᠤ ᠭᠠᠷᠭᠠᠭᠰᠠᠨ ᠲᠤᠰᠬᠠᠶ ᠰᠡᠳᠦᠪᠳᠦ ᠲᠤᠰᠬᠠᠶ ᠪᠤᠯᠤᠩ ᠨᠢ ᠭᠦᠨᠵᠡᠭᠡᠶ ᠪᠥᠭᠡᠳ ᠣᠶᠢᠯᠠᠭᠠᠮᠵᠢᠲᠠᠶ ᠠᠷᠭ᠎ᠠ | ᠮᠠᠶ᠋ᠢᠭ ᠢᠶᠠᠷ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠤᠰᠢᠭᠤᠨ ᠤ | ᠠᠷᠠᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ | ᠬᠦᠨᠵᠡᠭᠡᠢ ᠳᠠᠶᠢᠯᠪᠤᠷᠢᠯᠠᠵᠦ ᠪᠤᠳᠠᠳᠤ ᠦᠷ᠎ᠠ ᠠᠰᠢᠬ ᠤᠯᠪᠠ | ᠤᠶᠢᠷ᠎ᠠ ᠶᠢᠨ ᠡᠳᠦᠷ᠂ ᠢᠨᠳᠡᠷ ᠲᠠᠬᠢ ᠶᠢᠰᠦᠳᠤᠭᠡᠷ ᠪᠠᠭ᠎ᠠ ᠰᠤᠷᠭᠠᠭᠤᠯᠢ ᠳᠤ ︽ᠦᠨᠳᠦᠰᠦᠲᠡᠨ ᠤ ᠬᠠᠶᠢᠷ᠎ᠠ | ᠰᠡᠳᠬᠢᠯᠭᠡ᠂ ᠰᠡᠳᠭᠢᠯ ᠵᠢᠷᠦᠬᠡ ᠶᠢ ᠬᠤᠯᠪᠣᠬᠤ︾ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ | ᠠᠵᠢᠯᠯᠠᠭ᠎ᠠ ᠢᠳᠡ ᠬᠦᠭ ᠲᠠᠢ ᠶᠠᠪᠤᠭᠳᠠᠵᠤ ᠪᠠᠶᠢᠯ᠎ᠠ᠃ ᠤᠬᠠᠭᠤᠯᠤᠨ ᠲᠠᠶᠢᠯᠪᠤᠷᠢᠯᠠᠬᠤ ᠪᠠᠭᠰᠢ ᠨᠠᠷ ᠭᠦᠨᠵᠡᠭᠡᠢ | ᠪᠥᠭᠡᠳ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠵᠤ᠂ | ᠰᠤᠷᠤᠭᠴᠢᠳ ᠲᠤ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠢ ᠭᠦᠨᠵᠡᠭᠡᠢ ᠲᠠᠨᠢᠭᠤᠯᠵᠤ᠂ ᠵᠠᠯᠠᠭᠤᠴᠤᠳ | ᠪᠠᠭᠠᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠠᠬᠢᠭᠤᠯᠤᠭᠴᠢ᠂ ᠦᠢᠯᠡᠳᠦᠯᠭᠡᠵᠢᠭᠦᠯᠦᠭᠴᠢ ᠪᠠ ᠰᠠᠬᠢᠨ ᠬᠠᠮᠠᠭᠠᠯᠠᠭᠴᠢ ᠪᠣᠯᠭᠠᠨ᠎ᠠ᠃ | ᠰᠤᠷᠭᠠᠭᠤᠯᠢ ᠶᠢᠨ ᠬᠢᠨ ᠪᠠᠰᠠ ︽ᠦᠨᠳᠦᠰᠦᠲᠡᠨ ᠨᠦᠭᠦᠳ ᠤᠨ ᠤᠯᠠᠨ ᠲᠦᠮᠡᠨ ᠨᠢᠭᠡᠨ ᠬᠡᠷ ᠤᠨ ᠬᠥᠮᠦᠨ ᠮᠡᠳᠦ | ᠳᠤᠳᠤᠨᠤᠰᠤᠬ︾ ᠭᠡᠬᠦ ᠭᠤᠤᠯ ᠰᠡᠳᠦᠪᠲᠦ ᠤᠯᠤᠰ ᠤᠨ ᠲᠤᠭ ᠤᠨ ᠳᠣᠤᠷᠠᠬᠢ ᠶᠠᠷᠢᠶ᠎ᠠ᠂ ᠭᠤᠤᠯ ᠰᠡᠳᠦᠪᠲᠦ | ᠠᠩᠭᠢ ᠶᠢᠨ ᠬᠢᠴᠢᠶᠡᠯ᠂ ᠬᠠᠭᠤᠯᠤᠮᠠᠯ ᠰᠣᠨᠢᠨ᠂ ᠰᠠᠮᠪᠠᠷ᠎ᠠ ᠶᠢᠨ ᠰᠣᠨᠢᠨ ᠵᠡᠷᠭᠡ ᠠᠯᠢ ᠣᠯᠠᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠪᠠ ᠬᠠᠤᠯᠢᠵᠢᠯ ᠤᠨ ᠦᠷ᠎ᠡ ᠶᠢ | ᠵᠠᠯᠠᠭᠤᠴᠤᠳ ᠪᠠᠭᠠᠴᠤᠳ ᠤᠨ ᠰᠡᠳᠭᠢᠯ ᠳᠤ ᠦᠨᠳᠦᠰᠦᠯᠡᠭᠦᠯᠵᠡᠶ᠃ | | | | ᠣᠶᠢᠷ᠎ᠠ ᠶᠢᠨ ᠡᠳᠦᠷ ᠤᠳ ᠲᠤ᠂ ᠵᠠᠯᠠᠶᠢᠳ ᠬᠤᠰᠢᠭᠤᠨ ᠤ ᠡᠯ᠎ᠡ ᠭᠠᠵᠠᠷ ᠤᠨ ᠬᠢᠨ ᠪᠣᠳᠠᠲᠠᠶ ᠳᠠᠭᠠᠨ | ᠰᠠᠭᠤᠷᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ | ᠬᠥᠮᠦᠵᠢᠯ ᠤᠨ ᠪᠠᠶᠢᠩᠭᠤ ᠶᠢᠨ ᠲᠣᠭᠲᠠᠴᠠ ᠶᠢ ᠢᠳᠡᠪᠬᠢᠲᠡᠶ ᠪᠠᠶᠢᠭᠤᠯᠪᠡ᠃ ︽ᠥᠨᠥᠳᠦᠷ ᠮᠠᠨ ᠤ ᠠᠭᠤᠳᠠᠮ | ᠲᠠᠯᠠᠪᠠᠶ ᠶᠢᠨ ᠪᠥᠵᠢᠭ ᠤᠨ ᠠᠩᠭᠢ ᠠᠴᠠ ︿ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠳᠡᠭᠦᠦ﹀ ᠶᠢᠨ | ᠦᠯᠢᠭᠡᠷ ᠢ ᠶᠠᠷᠢᠵᠤ ᠥᠭᠭᠦᠨ᠎ᠠ᠃ ᠯᠦᠩ ᠮᠧᠶ ᠪᠣᠯᠤᠨ ᠢᠦᠶ ᠷᠦᠩ ᠬᠤᠶᠠᠷ ᠪᠢᠴᠢᠬᠠᠨ ᠡᠭᠡᠴᠢ ᠳᠡᠭᠦᠦ | ᠠᠮᠠᠷᠠᠯᠲᠠ ᠶᠢᠨ ᠬᠤᠭᠤᠴᠠᠭᠠᠨ ᠳᠠᠭᠠᠨ ᠪᠠᠷᠢᠭᠠᠳᠠ ᠶᠢᠨ ᠬᠤᠨᠢ ᠶᠢ ᠬᠠᠷᠢᠭᠤᠯᠬᠤ ᠬᠦᠨᠳᠦ ᠡᠭᠦᠷᠭᠡ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠪᠡ ᠁︾ ᠭᠡᠵᠦ ᠪᠤᠯᠭᠠᠨᠬᠤᠸᠠ ᠭᠠᠴᠠᠭᠠᠨ ᠤ ᠰᠣᠶᠣᠯ ᠤᠨ ᠥᠷᠥᠭᠡᠨ ᠳᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠶᠠᠷᠢᠬᠤ ᠳᠠᠭᠤᠨ ᠰᠣᠨᠣᠰᠳᠠᠵᠤ ᠪᠠᠶᠢᠯ᠎ᠠ᠃ | ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠤᠨ ᠤ ᠠᠷᠪᠡᠨᠭᠡᠷ ᠭᠠᠴᠠᠭ᠎ᠠ ᠶᠢᠨ ᠬᠢᠨ ᠥᠷᠯᠥᠭᠡ ᠪᠦᠷᠢ ᠶᠢᠨ | ᠨᠠᠢᠮᠠᠨ ᠴᠠᠭ ᠬᠠᠭᠠᠰ ᠤᠨ ᠦᠶ᠎ᠡ ᠪᠠᠷ ᠭᠠᠴᠠᠭᠠᠨ ᠤ ᠯᠠᠪᠠᠷ ᠢᠶᠠᠷ ᠤᠯᠤᠰ ᠤᠨ ᠳᠦᠷᠦ ᠶᠢᠨ ᠪᠤᠲᠤᠯᠭ᠎ᠠ ᠬᠠᠤᠯᠢ | ᠲᠣᠭᠲᠠᠭᠠᠯ ᠤᠨ ᠲᠠᠶᠢᠯᠤᠮᠵᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠮᠡᠳᠡᠯᠭᠡ ᠵᠢᠴᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠵᠡᠷᠭᠡ ᠠᠭᠤᠯᠭ᠎ᠠ ᠶᠢ ᠨᠡᠪᠲᠡᠷᠡᠭᠦᠯᠳᠡᠭ᠃ ︽ᠪᠢ ᠠᠵᠢᠯ | ᠬᠢᠬᠦ ᠶᠢᠨ ᠳᠠᠭᠠᠤ ᠪᠠᠰᠠ ᠪᠠᠭ᠎ᠠ ᠪᠤᠰᠤ ᠮᠡᠳᠡᠯᠭᠡ ᠡᠵᠡᠮᠰᠢᠵᠦ ᠪᠠᠶᠢᠨ᠎ᠠ ᠰᠢᠦ︾ ᠭᠡᠵᠦ ᠭᠠᠴᠭᠠᠠᠨ ᠤ ᠠᠷᠠᠳ | ᠬᠤᠪᠢᠰᠬᠠᠯᠳᠤ ᠭᠡᠯᠡᠪᠡ᠃ | ︽ᠵᠠᠯᠠᠶᠢᠳ ᠬᠤᠰᠢᠭᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠤᠰᠬᠠᠶ ᠰᠡᠳᠦᠪᠲᠦ | ᠲᠠᠶᠢᠯᠤᠮᠵᠢ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠦᠨᠵᠡᠭᠡᠶ ᠲᠠᠶᠢᠯᠪᠤᠷᠢᠯᠠᠵᠤ᠂ ᠡᠭᠦᠨ ᠤ ᠬᠠᠮᠲᠤ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠦᠯᠢᠭᠡᠷ ᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠪᠤᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ | ᠤᠨᠤᠯ ᠤᠨ ᠲᠤᠬᠠᠢ ᠣᠶᠢᠯᠠᠭᠠᠯᠲᠠ ᠪᠠ ᠲᠠᠨᠢᠯᠲᠠ ᠶᠢ ᠨᠢ ᠭᠦᠨᠵᠡᠭᠡᠶᠢᠷᠡᠭᠦᠯᠵᠦ᠂ ᠡᠭᠦᠨ ᠤ ᠤᠯᠠᠮ ᠠᠴᠠ ᠲᠡᠳᠡᠨ ᠢ | ᠵᠣᠷᠢᠭᠵᠢᠭᠤᠯᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ | ᠢᠳᠡᠪᠬᠢᠲᠡᠢ ᠣᠷᠣᠯᠴᠠᠭᠤᠯᠵᠤ᠂ ᠳᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠬᠠᠮᠰᠠᠷ ᠢ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠭᠢᠯ ᠤᠨ ᠭᠦᠨ ᠳᠤ ᠦᠨᠳᠦᠰᠦᠯᠡᠭᠦᠯᠦᠨ᠎ᠡ︾ ᠭᠡᠵᠦ | ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ | ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠡᠷᠬᠢᠯᠡᠭᠴᠢ ᠪᠠᠶ ᠢᠦᠶ ᠯᠠᠨ ᠢᠯᠡᠷᠭᠡᠶᠢᠯᠡᠵᠤ ᠪᠠᠶᠢᠯ᠎ᠠ᠃ | | ᠪᠠᠢ ᠢᠦᠢ ᠯᠢᠶᠠᠩ ᠱᠦ ᠭᠤᠸᠠᠩ ᠰᠡᠭᠦᠳᠡᠷᠯᠡᠨ ᠮᠡᠳᠡᠭᠡᠯᠡᠪᠡ | |