ᠵᠠᠯᠠᠶᠢᠳ ᠬᠤᠰᠢᠭᠤ ︽ᠭᠤᠷᠪᠠ ᠶᠢ ᠬᠦᠳᠦᠯᠦᠨ ᠲᠠᠭᠠᠭᠤᠯᠬᠤ︾ ᠪᠠᠷ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠵᠦ ᠪᠤᠢ
ᠨᠡᠶᠢᠲᠡᠯᠡᠭᠰᠡᠨ ᠴᠠᠭ᠄
2024/6/19

     ᠤᠶᠢᠷ᠎ᠠ ᠶᠢᠨ ᠬᠡᠳᠦᠨ ᠵᠢᠯ᠂ ᠵᠠᠯᠠᠶᠢᠳ ᠬᠤᠰᠢᠭᠤ ︽ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ

ᠲᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ︾ ᠶᠢᠨ ᠢᠷᠠᠭᠤ ᠠᠯᠳᠠᠷ ᠢ ᠬᠦᠷᠳᠡᠭᠰᠡᠨ ᠰᠠᠭᠤᠷᠢᠨ ᠲᠡᠭᠡᠷ᠎ᠡ᠂

ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠡᠨᠡᠬᠦ ᠭᠤᠤᠯ

ᠰᠢᠵᠢᠮ ᠤᠨ ᠲᠤᠭᠤᠷᠢᠨ ᠳᠤ᠂ ︽ᠭᠤᠷᠪᠠ ᠶᠢ ᠬᠦᠳᠦᠯᠦᠨ ᠲᠠᠭᠠᠭᠤᠯᠬᠤ︾ ᠶᠢ ᠴᠢᠩᠭ᠎ᠠ ᠠᠳᠬᠤᠵᠦ᠂ ᠤᠷᠤᠨ

ᠪᠦᠰᠡ ᠶᠢᠨ ᠤᠨᠴᠠᠯᠢᠬ ᠲᠠᠢ ᠨᠡᠷᠡᠳᠤ ᠲᠡᠮᠳᠡᠭ ᠢ ᠢᠳᠡᠪᠬᠢᠳᠡᠢ ᠪᠤᠶᠢᠵᠢᠭᠤᠯᠵᠦ᠂ ᠨᠡᠶᠢᠳᠡᠯᠢᠭ ᠵᠢᠱᠢᠶ᠎ᠡ ᠦᠵᠡᠬᠦᠯᠬᠦ

ᠬᠦᠳᠦᠯᠦᠨ ᠲᠠᠭᠠᠭᠤᠯᠬᠤ ᠦᠢᠯᠡᠳᠦᠯ ᠢ ᠨᠡᠮᠡᠭᠳᠡᠬᠦᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ

ᠬᠠᠭᠤᠳᠠᠰᠦ ᠶᠢ ᠰᠠᠶᠢᠳᠦᠷ ᠪᠢᠴᠢᠭᠯᠡᠵᠦ ᠪᠠᠶᠢᠨ᠎ᠠ᠃

     ᠨᠡᠷᠡᠳᠤ ᠲᠡᠮᠳᠡᠭ ᠢᠶᠠᠷ ᠬᠦᠳᠦᠯᠦᠨ ᠲᠠᠭᠠᠭᠤᠯᠵᠠᠢ᠃ ᠤᠨᠴᠠᠯᠢᠬᠳᠤ ᠨᠡᠷᠡᠳᠤ ᠲᠡᠮᠳᠡᠭ ᠢ ᠡᠬᠦᠳᠴᠦ᠂ ︽ᠨᠢᠬᠡ

ᠪᠠᠯᠭᠠᠰᠦ ᠨᠢᠬᠡ ᠦᠢᠯᠡᠳᠬᠦᠨ︾ 15 ᠶᠢ ᠪᠤᠶᠢᠵᠢᠭᠤᠯᠵᠦ᠂ ᠪᠦᠬᠦ ᠬᠤᠰᠢᠭᠤᠨ ᠤ ᠦᠨᠳᠦᠰᠦᠳᠡᠨ ᠤ ᠪᠦᠯᠬᠦᠮᠳᠡᠯ

ᠲᠠᠪᠰᠢᠯᠳᠠ ᠶᠢᠨ ᠵᠢᠱᠢᠶ᠎ᠡ ᠦᠵᠡᠬᠦᠯᠬᠦ ᠶᠢ ᠡᠬᠦᠳᠦᠨ ᠪᠠᠶᠢᠭᠤᠯᠬᠤ ᠠᠵᠢᠯ ᠢ ᠴᠡᠭ ᠢᠶᠠᠷ ᠬᠦᠳᠦᠯᠦᠨ ᠲᠠᠭᠠᠭᠤᠯᠬᠤ

ᠪᠠᠶᠢᠳᠠᠯ ᠢ ᠪᠦᠷᠢᠯᠳᠦᠬᠦᠯᠵᠡᠢ᠃ 2024 ᠤᠨ ᠳᠤ ︽ᠠᠨᠠᠷ ᠤᠨ ᠦᠷ᠎ᠡ ᠪᠠᠷ ᠰᠡᠳᠬᠢᠯ ᠢᠶᠠᠨ ᠨᠢᠬᠳᠠᠷᠠᠭᠤᠯᠵᠦ

ᠲᠤᠮᠳᠠᠳᠤ ᠶᠢᠨ ᠬᠦᠰᠡᠯ ᠢᠶᠠᠨ ᠬᠠᠮᠳᠤᠪᠡᠷ ᠲᠡᠷᠬᠡᠯᠰᠢᠬᠦᠯᠦᠶ᠎ᠡ︾ ᠰᠢᠷᠢᠰ ᠭᠤᠤᠯ ᠰᠡᠳᠤᠪᠳᠤ ᠠᠵᠢᠯᠯᠠᠭ᠎ᠠ ᠦᠷᠨᠢᠬᠦᠯᠵᠦ

᠂ ᠪᠦᠬᠦ ᠨᠡᠶᠢᠬᠡᠮ ᠳᠤ ᠤᠯᠠᠮᠵᠢᠯᠠᠯᠳᠤ ᠮᠤᠷᠠᠯ ᠰᠤᠷᠳᠠᠯ ᠢ ᠰᠤᠷᠤᠯᠴᠠᠬᠤ᠂ ᠬᠤᠪᠢᠰᠬᠠᠯᠳᠤ ᠦᠯᠢᠬᠡᠷ ᠶᠠᠷᠢᠬᠤ ᠵᠡᠷᠭᠡ ᠪᠠᠷ

ᠭᠤᠤᠯ ᠠᠭᠤᠯᠭ᠎ᠠ ᠪᠤᠯᠭᠠᠬᠰᠠᠨ ︽ᠲᠤᠮᠳᠠᠳᠤ ᠶᠢᠨ ᠰᠤᠶᠤᠯ ᠢ ᠤᠯᠠᠨ ᠢᠶᠠᠷ ᠢᠶᠠᠨ ᠰᠤᠷᠤᠯᠴᠠᠶ᠎ᠠ︾ ᠠᠵᠢᠯᠯᠠᠭ᠎ᠠ ᠶᠢ

360 ᠭᠠᠷᠦᠢ ᠲᠠᠯᠠᠪᠦᠷ ᠤᠳᠠᠭ᠎ᠠ ᠦᠷᠨᠢᠬᠦᠯᠵᠦ᠂ ᠨᠡᠶᠢᠬᠡᠮ ᠲᠤᠭᠤᠷᠢᠭ ᠲᠤ ᠡᠯ᠎ᠡ ᠦᠨᠳᠦᠰᠦᠳᠡᠨ ᠤ ᠤᠯᠠᠨ ᠲᠦᠮᠡᠨ

︽ᠬᠠᠷᠢᠯᠴᠠᠨ ᠬᠠᠪᠰᠤᠷᠤᠯᠴᠠᠬᠤ ᠬᠠᠷᠢᠯᠴᠠᠨ ᠲᠡᠮᠵᠢᠬᠦ︾ ᠰᠠᠶᠢᠨ ᠲᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ

182 ᠲᠠᠯᠠᠪᠦᠷ ︵ᠤᠳᠠᠭ᠎ᠠ︶ ᠦᠷᠨᠢᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠳᠤ ︽ᠠᠨᠠᠷ ᠤᠨ ᠦᠷ᠎ᠡ︾

ᠤᠬᠠᠭᠤᠯᠭ᠎ᠠ ᠶᠢᠨ ᠠᠩᠬᠢ ᠶᠢ ᠪᠠᠶᠢᠭᠤᠯᠵᠦ᠂ ︽ᠨᠠᠮ ᠤᠨ ᠠᠴᠢ ᠳᠤ ᠲᠠᠯᠠᠷᠬᠠᠨ ᠨᠠᠮ ᠤᠨ ᠦᠬᠡ ᠶᠢ ᠰᠤᠨᠤᠰᠴᠦ

ᠨᠠᠮ ᠢᠶᠠᠨ ᠲᠠᠭᠠᠨ᠎ᠠ︾ ᠠᠵᠢᠯᠯᠠᠭ᠎ᠠ ᠶᠢ 530 ᠭᠠᠷᠦᠢ ᠲᠠᠯᠠᠪᠦᠷ ︵ᠤᠳᠠᠭ᠎ᠠ︶ ᠦᠷᠨᠢᠬᠦᠯᠵᠦ᠂ ᠰᠤᠷᠭᠠᠨ

ᠬᠦᠮᠦᠵᠢᠯ ᠤᠨ ᠰᠢᠰᠲ᠋ᠧᠮ ᠳᠤ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢ ᠲᠦᠬᠡᠮᠡᠯᠵᠢᠬᠦᠯᠦᠨ

ᠲᠡᠯᠬᠡᠷᠡᠬᠦᠯᠬᠦ ︽ᠵᠢᠭᠠᠨ ᠰᠤᠷᠭᠠᠯᠳᠠ ᠶᠢ ᠲᠡᠮᠵᠢᠨ ᠰᠤᠷᠤᠯᠭ᠎ᠠ ᠶᠢ ᠲᠡᠮᠵᠢᠬᠦ︾ ᠠᠵᠢᠯᠯᠠᠭ᠎ᠠ ᠶᠢ 60 ᠭᠠᠷᠦᠢ ᠲᠠᠯᠠᠪᠦᠷ

︵ᠤᠳᠠᠭ᠎ᠠ︶ ᠦᠷᠨᠢᠬᠦᠯᠵᠦ᠂ 40 ᠰᠤᠷᠭᠠᠭᠤᠯᠢ ᠶᠢᠨ 3 ᠲᠦᠮᠡ ᠭᠠᠷᠦᠢ ᠪᠠᠭᠰᠢ ᠰᠤᠷᠤᠬᠴᠢ ᠤᠷᠤᠯᠴᠠᠬᠰᠠᠨ

ᠪᠠᠶᠢᠨ᠎ᠠ᠃ ᠨᠠᠮ ᠤᠨ ᠬᠡᠰᠢᠬᠦᠨ ︽ᠡᠷᠦᠬᠡ ᠲᠠᠢ ᠬᠠᠷᠢᠯᠴᠠᠨ ᠰᠡᠳᠬᠢᠯ ᠢᠶᠠᠨ ᠨᠢᠬᠡᠳᠬᠡᠬᠦ︾ ᠠᠵᠢᠯ ᠢ ᠬᠡᠷᠡᠭᠵᠢᠬᠦᠯᠵᠦ᠂

ᠪᠦᠬᠦ ᠬᠤᠰᠢᠭᠤᠨ ᠤ ᠨᠠᠮ ᠤᠨ ᠬᠡᠰᠢᠬᠦᠨ ᠢᠳᠡᠪᠬᠢᠳᠡᠢ ᠬᠠᠷᠢᠯᠴᠠᠬᠤ ᠬᠦᠮᠦᠨ ᠪᠤᠯᠵᠦ᠂ ᠭᠠᠴᠠᠭ᠎ᠠ ᠲᠤᠰᠬᠤᠨ᠂

ᠨᠡᠶᠢᠬᠡᠮ ᠲᠤᠭᠤᠷᠢᠭ ᠤᠨ ᠡᠷᠦᠬᠡ ᠲᠠᠢ ᠬᠠᠷᠢᠯᠴᠠᠵᠦ᠂ ︽1+1+N︾ ᠶᠢᠨ ᠵᠤᠯᠭᠠᠭᠤᠯᠬᠤ ᠵᠠᠬᠪᠦᠷ ᠢᠶᠠᠷ

ᠠᠷᠠᠳ ᠤᠨ ᠰᠡᠳᠬᠢᠯ ᠢ ᠤᠶᠢᠯᠠᠭᠠᠬᠤ ᠡᠳᠦᠷ ᠤᠨ ᠲᠡᠮᠳᠡᠭᠯᠡᠯ ᠲᠤᠬᠢᠷᠠᠭᠤᠯᠵᠦ᠂ ︽ᠡᠷᠦᠬᠡ ᠲᠠᠢ ᠬᠠᠷᠢᠯᠴᠠᠨ

ᠰᠡᠳᠬᠢᠯ ᠢᠶᠠᠨ ᠨᠢᠬᠡᠳᠬᠡᠬᠦ︾ ᠺᠠᠷᠲ ᠲᠠᠷᠬᠠᠭᠠᠵᠦ᠂ ︽ᠡᠷᠦᠬᠡ ᠲᠠᠢ ᠬᠠᠷᠢᠯᠴᠠᠨ ᠰᠡᠳᠬᠢᠯ ᠢᠶᠠᠨ ᠨᠢᠬᠡᠳᠬᠡᠬᠦ︾

ᠬᠠᠳᠠᠭᠠᠯᠠᠮᠵᠢ ᠶᠢᠨ ᠲᠡᠪᠳᠡᠷ ᠵᠤᠬᠢᠶᠠᠵᠦ᠂ ᠨᠠᠮ ᠤᠨ ᠬᠡᠰᠢᠬᠦᠨ ︽ᠡᠷᠦᠬᠡ ᠪᠠᠷ ᠬᠦᠨᠵᠡᠬᠡᠶᠢᠷᠡᠨ ᠤᠯᠠᠨ ᠤ

ᠬᠦᠴᠢᠷᠳᠡᠯ ᠢ ᠰᠶᠢᠳᠪᠦᠷᠢᠯᠡᠬᠦ︾ ᠪᠠᠷ ᠲᠠᠮᠵᠢᠨ᠂ ᠡᠯ᠎ᠡ ᠦᠨᠳᠦᠰᠦᠳᠡᠨ ᠤ ᠤᠯᠠᠨ ᠲᠦᠮᠡᠨ ᠨᠠᠮ ᠤᠨ ᠠᠴᠢ ᠳᠤ

ᠲᠠᠯᠠᠷᠬᠠᠨ ᠨᠠᠮ ᠤᠨ ᠦᠬᠡ ᠶᠢ ᠰᠤᠨᠤᠰᠴᠦ ᠨᠠᠮ ᠢᠶᠠᠨ ᠲᠠᠭᠠᠬᠤ ᠶᠢ ᠬᠦᠳᠦᠯᠦᠨ ᠵᠢᠯᠤᠭᠤᠳᠤᠬᠰᠠᠨ ᠪᠠᠶᠢᠨ᠎ᠠ᠃ ᠤᠳᠤ

᠂ ︽ᠡᠷᠦᠬᠡ ᠲᠠᠢ ᠬᠠᠷᠢᠯᠴᠠᠨ ᠰᠡᠳᠬᠢᠯ ᠢᠶᠠᠨ ᠨᠢᠬᠡᠳᠬᠡᠶ᠎ᠡ︾ 3.4 ᠲᠦᠮᠡᠨ ᠡᠷᠦᠬᠡ ᠲᠠᠢ ᠬᠠᠷᠢᠯᠴᠠᠵᠦ᠂

ᠡᠷᠦᠬᠡ ᠪᠠᠷ ᠬᠦᠨᠵᠡᠬᠡᠶᠢᠷᠡᠨ ᠲᠦᠷᠦ ᠶᠢᠨ ᠪᠤᠳᠤᠯᠭ᠎ᠠ ᠶᠢ 2.5 ᠲᠦᠮᠡᠨ ︵ᠤᠳᠠᠭ᠎ᠠ︶ ᠤᠬᠠᠭᠤᠯᠵᠦ᠂ ᠠᠷᠠᠳ ᠤᠨ

ᠰᠠᠨᠠᠭ᠎ᠠ ᠶᠢ 3100 ᠵᠤᠷᠪᠤᠰ ᠴᠤᠬᠯᠠᠭᠤᠯᠵᠦ᠂ 2100 ᠵᠤᠷᠪᠤᠰ ᠪᠤᠳᠠᠳᠠᠢ ᠬᠦᠴᠢᠷᠳᠡᠯ ᠢ ᠰᠶᠢᠳᠪᠦᠷᠢᠯᠡᠭᠰᠡᠨ

ᠪᠠᠶᠢᠨ᠎ᠠ᠃

    ᠨᠡᠶᠢᠳᠡᠯᠢᠭ ᠵᠢᠱᠢᠶ᠎ᠡ ᠪᠠᠷ ᠬᠦᠳᠦᠯᠦᠨ ᠲᠠᠭᠠᠭᠤᠯᠵᠠᠢ᠃ ︽ᠬᠠᠮ ᠵᠠᠭᠤᠴᠢᠯᠠᠭᠤᠷ + ᠦᠨᠳᠦᠰᠦᠳᠡᠨ ᠤ

ᠪᠦᠯᠬᠦᠮᠳᠡᠯ ᠲᠠᠪᠰᠢᠯᠳᠠ︾ ᠶᠢᠨ ᠭᠤᠤᠯ ᠰᠡᠳᠤᠪᠳᠤ ᠤᠬᠠᠭᠤᠯᠭ᠎ᠠ ᠦᠷᠨᠢᠬᠦᠯᠵᠦ᠂ ︽ᠲᠤᠮᠳᠠᠳᠤ ᠶᠢᠨ

ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ︾ ︽ᠭᠠᠷᠠᠭ ᠤᠨ ᠭᠤᠷᠪᠠᠨ ᠤ

ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ︾ ︽ᠨᠡᠪᠳᠡᠷᠡᠬᠦᠯᠦᠭᠴᠢ ︿ᠲᠤᠮᠳᠠᠳᠤ ᠶᠢᠨ ᠦᠨᠳᠦᠰᠦᠳᠡᠨ ᠤ

ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ﹀ ᠶᠢ ᠶᠠᠷᠢᠬᠤ︾ ︽ᠦᠨᠳᠦᠰᠦᠳᠡᠨ ᠤ ᠲᠦᠷᠦ ᠶᠢᠨ

ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾ ᠵᠡᠷᠭᠡ ᠲᠤᠰᠬᠠᠢ ᠪᠤᠯᠤᠩ ᠨᠡᠬᠡᠬᠡᠵᠦ᠂ ᠡᠮᠦᠨᠡᠳᠤ ᠤᠮᠠᠷᠠᠳᠤ ᠤᠷᠤᠨ

ᠵᠤᠯᠭᠠᠭᠤᠯᠤᠨ ᠬᠠᠪᠰᠤᠷᠬᠤ᠂ ᠠᠵᠦ ᠦᠢᠯᠡᠰ ᠢᠶᠠᠷ ᠬᠠᠷᠢᠯᠴᠠᠨ ᠬᠠᠪᠰᠤᠷᠤᠯᠴᠠᠬᠤ᠂ ᠤᠯᠠᠨ ᠲᠦᠮᠡᠨ ᠬᠠᠷᠢᠯᠴᠠᠨ

ᠬᠠᠪᠰᠤᠷᠤᠯᠴᠠᠬᠤ᠂ ᠬᠡᠯᠳᠡᠰ ᠵᠦᠪᠯᠡᠯ ᠬᠠᠪᠰᠦᠷᠦᠨ ᠲᠡᠳᠬᠦᠬᠦ᠂ ᠪᠡᠬᠡᠵᠢᠩ ᠦᠪᠦᠷ ᠮᠤᠩᠭᠤᠯ ᠤᠨ ᠬᠠᠮᠵᠢᠯᠴᠠᠭ᠎ᠠ᠂

ᠪᠦᠯᠬᠦᠮ ᠪᠠᠶᠢᠭᠤᠯᠬᠤ ᠮᠠᠶ᠋ᠢᠭ ᠤᠨ ᠬᠠᠪᠰᠦᠷᠦᠨ ᠲᠡᠳᠬᠦᠬᠦ ᠵᠡᠷᠭᠡ ᠲᠠᠯ᠎ᠠ ᠪᠠᠷ ᠦᠨᠳᠦᠰᠦᠳᠡᠨ ᠤ ᠪᠦᠯᠬᠦᠮᠳᠡᠯ

ᠲᠠᠪᠰᠢᠯᠳᠠ ᠶᠢᠨ ᠵᠢᠱᠢᠶᠡᠴᠢ ᠬᠠᠮᠳᠤ ᠨᠡᠶᠢᠳᠡ ᠪᠠ ᠬᠤᠪᠢ ᠬᠦᠮᠦᠨ ᠤ ᠨᠡᠶᠢᠳᠡᠯᠢᠭ ᠦᠯᠢᠬᠡᠷ ᠢ ᠬᠦᠨᠵᠡᠬᠡᠢ ᠠᠭᠤᠳᠠᠯᠵᠦ

᠂ ᠵᠠᠭᠤᠴᠢᠯᠠᠭᠤᠷ ᠤᠨ ᠤᠬᠠᠭᠤᠯᠭ᠎ᠠ᠂ ᠦᠨᠳᠦᠰᠦᠨ ᠱᠠᠳᠦᠨ ᠤ ᠤᠬᠠᠭᠤᠯᠭ᠎ᠠ᠂ ᠬᠤᠳᠠ ᠬᠦᠳᠡᠭᠡ ᠶᠢᠨ ᠷᠠᠳᠢᠤ᠋

ᠵᠡᠷᠭᠡ ᠶᠢ ᠠᠰᠢᠬᠯᠠᠨ᠂ ᠡᠯ᠎ᠡ ᠦᠨᠳᠦᠰᠦᠳᠡᠨ ᠤ ᠤᠯᠠᠨ ᠲᠦᠮᠡᠨ ᠤ ᠠᠭᠤᠰᠤᠯᠴᠠᠯ ᠢ ᠠᠬᠢᠭᠤᠯᠤᠬᠰᠠᠨ ᠭᠤᠤᠯ

ᠰᠡᠳᠤᠪᠳᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ

ᠴᠤᠬᠴᠠ ᠶᠢᠨ ᠦᠯᠢᠬᠡᠷ ᠢ ᠰᠠᠶᠢᠳᠦᠷ ᠶᠠᠷᠢᠵᠦ ᠪᠠᠶᠢᠨ᠎ᠠ᠃ ᠤᠳᠤᠬᠠᠨ ᠳᠤ᠂ ᠵᠠᠯᠠᠶᠢᠳ ᠬᠤᠰᠢᠭᠤ 3 ᠬᠦᠮᠦᠨ ︽

ᠪᠦᠬᠦ ᠤᠯᠤᠰ ᠤᠨ ᠦᠨᠳᠦᠰᠦᠳᠡᠨ ᠤ ᠪᠦᠯᠬᠦᠮᠳᠡ ᠲᠠᠪᠰᠢᠯᠳᠠ ᠶᠢᠨ ᠵᠢᠱᠢᠶ᠎ᠡ ᠦᠵᠡᠬᠦᠯᠬᠦ ᠬᠤᠪᠢ ᠬᠦᠮᠦᠨ︾ ᠤ

ᠢᠷᠡᠭᠤ ᠠᠯᠳᠠᠷ ᠢ ᠬᠦᠷᠳᠡᠵᠦ᠂ 4 ᠪᠠᠯᠭᠠᠰᠦ ᠲᠤᠰᠬᠤᠨ ︽ᠲᠤᠮᠳᠠᠳᠤ ᠤᠯᠤᠰ ᠤᠨ ᠴᠦᠬᠡᠨ ᠲᠤᠭᠠᠳᠤ

ᠦᠨᠳᠦᠰᠦᠳᠡᠨ ᠤ ᠤᠨᠴᠠᠯᠢᠬᠳᠤ ᠲᠤᠰᠬᠤᠨ ᠪᠠᠯᠭᠠᠰᠦ︾ ᠶᠢᠨ ᠢᠷᠠᠭᠤ ᠠᠯᠳᠠᠷ ᠢ ᠬᠦᠷᠳᠡᠵᠦ᠂ ᠦᠪᠡᠷᠳᠡᠬᠡᠨ ᠵᠠᠰᠠᠬᠤ

ᠤᠷᠤᠨ ᠤ ᠲᠡᠰ ᠤᠨ ᠵᠢᠱᠢᠶ᠎ᠡ ᠦᠵᠡᠬᠦᠯᠬᠦ ᠪᠠᠶᠢᠭᠤᠯᠭ᠎ᠠ 7᠂ ᠵᠢᠱᠢᠶᠡᠴᠢ ᠬᠠᠮᠳᠤ ᠨᠡᠶᠢᠳᠡ 5᠂ ᠦᠪᠡᠷᠳᠡᠬᠡᠨ ᠵᠠᠰᠠᠬᠤ

ᠤᠷᠤᠨ ᠤ ᠲᠡᠰ ᠤᠨ ᠵᠢᠱᠢᠶᠡᠴᠢ ᠬᠤᠪᠢ ᠬᠦᠮᠦᠨ 25 ᠨᠡᠷᠡᠰ᠂ ᠠᠶᠢᠮᠠᠭ ᠤᠨ ᠲᠡᠰ ᠤᠨ 18 ︽ᠠᠨᠠᠷ ᠤᠨ

ᠦᠷ᠎ᠡ ᠶᠢᠨ ᠬᠡᠷ ᠪᠦᠯᠢ︾᠂ ︽ᠬᠠᠮᠤᠭ ᠤᠨ ᠭᠤᠶᠤ ᠠᠨᠠᠷ ᠤᠨ ᠦᠷ᠎ᠡ ᠶᠢᠨ ᠬᠡᠷ ᠪᠦᠯᠢ 180 ᠡᠷᠦᠬᠡ ᠪᠠᠶᠢᠵᠦ᠂

ᠬᠦᠮᠦᠨ ᠪᠦᠬᠦᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠪᠤᠯᠬᠤ ᠪᠠᠷ ᠴᠢᠷᠮᠠᠶᠢᠵᠦ ᠪᠤᠢ᠃

     ᠰᠠᠭᠤᠷᠢᠨ ᠭᠠᠵᠠᠷ ᠢᠶᠠᠷ ᠬᠦᠳᠦᠯᠦᠨ ᠲᠠᠭᠠᠭᠤᠯᠵᠠᠢ᠃ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ

ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠰᠤᠳᠤᠯᠭᠠᠨ ᠤ ᠲᠦᠪ᠂ ᠠᠬᠢᠭᠤᠯᠬᠤ ᠨᠡᠶᠢᠬᠡᠮᠯᠢᠭ᠂ ᠤᠬᠠᠭᠤᠯᠭ᠎ᠠ

ᠬᠦᠮᠦᠵᠢᠯ ᠤᠨ ᠰᠠᠭᠤᠷᠢᠨ ᠭᠠᠵᠠᠷ᠂ ᠦᠢᠯᠡᠳᠦᠯᠬᠡ ᠶᠢᠨ ᠰᠢᠨ᠎ᠡ ᠶᠢ ᠡᠬᠦᠳᠬᠦ ᠰᠠᠭᠤᠷᠢᠨ ᠭᠠᠵᠠᠷ ᠵᠡᠷᠭᠡ 4

ᠲᠡᠪᠴᠡᠩ ᠳᠤ ᠲᠦᠰᠢᠭᠯᠡᠨ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ

ᠴᠤᠬᠴᠠᠯᠠᠬᠤ ᠶᠢᠨ ᠠᠭᠤᠯᠤᠬᠳᠠᠬᠤᠨ ᠢ ᠲᠠᠶᠢᠯᠪᠦᠷᠢᠯᠠᠵᠦ᠂ ᠰᠤᠯᠢᠯᠴᠠᠭ᠎ᠠ ᠠᠭᠤᠰᠤᠯᠴᠠᠯ ᠤᠨ ᠠᠴᠢᠶᠠᠯᠠᠬᠴᠢ᠂

ᠬᠠᠷᠢᠯᠴᠠᠨ ᠬᠠᠪᠰᠤᠷᠤᠯᠴᠠᠬᠤ ᠬᠠᠷᠢᠯᠴᠠᠨ ᠰᠤᠷᠤᠯᠴᠠᠬᠤ ᠲᠡᠪᠴᠠᠩ ᠢ ᠪᠠᠶᠢᠭᠤᠯᠵᠠᠢ᠃ ᠤᠳᠤᠬᠠᠨ ᠳᠤ᠂ ᠵᠠᠯᠠᠶᠢᠳ

ᠬᠤᠰᠢᠭᠤ ᠨᠢᠬᠡᠨᠳᠡ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ

1 ᠰᠤᠳᠤᠯᠭᠠᠨ ᠤ ᠲᠦᠪ᠂ 227 ᠠᠬᠢᠭᠤᠯᠬᠤ ᠨᠡᠶᠢᠬᠡᠮᠯᠢᠭ᠂ 11 ᠤᠬᠠᠭᠤᠯᠭ᠎ᠠ ᠬᠦᠮᠦᠵᠢᠯ ᠤᠨ ᠰᠠᠭᠤᠷᠢᠨ ᠭᠠᠵᠠᠷ

᠂ 22 ᠦᠢᠯᠡᠳᠦᠯᠬᠡ ᠶᠢᠨ ᠰᠢᠨ᠎ᠡ ᠶᠢ ᠡᠬᠦᠳᠬᠦ ᠰᠠᠭᠤᠷᠢᠨ ᠭᠠᠵᠠᠷ ᠢ ᠪᠠᠶᠢᠭᠤᠯᠵᠦ᠂ ᠵᠠᠯᠠᠭᠤᠴᠤᠳ ᠪᠠᠭᠠᠴᠤᠳ᠂

ᠨᠠᠮ ᠤᠨ ᠬᠡᠰᠢᠬᠦᠨ ᠺᠠᠳ᠋ᠷ ᠪᠠ ᠡᠯ᠎ᠡ ᠦᠨᠳᠦᠰᠦᠳᠡᠨ ᠤ ᠤᠯᠠᠨ ᠲᠦᠮᠡᠨ ᠢ ᠵᠤᠬᠢᠶᠠᠨ ᠪᠠᠶᠢᠭᠤᠯᠤᠨ ᠡᠯ᠎ᠡ ᠰᠠᠭᠤᠷᠢᠨ

ᠭᠠᠵᠠᠷ ᠢᠶᠠᠷ ᠬᠦᠨᠵᠡᠬᠡᠶᠢᠷᠡᠨ ᠦᠵᠡᠵᠦ ᠰᠤᠨᠢᠷᠬᠠᠬᠤ ᠰᠤᠷᠤᠯᠴᠠᠯᠭ᠎ᠠ ᠶᠢᠨ ᠠᠵᠢᠯᠯᠠᠭ᠎ᠠ ᠶᠢ 60 ᠭᠠᠷᠦᠢ ᠲᠠᠯᠠᠪᠦᠷ ︵

ᠤᠳᠠᠭ᠎ᠠ︶ ᠦᠷᠨᠢᠬᠦᠯᠵᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠬᠡᠷᠡᠭᠯᠡᠬᠡᠨ ᠤ ᠮᠡᠷᠬᠡᠵᠢᠯ ᠢ ᠡᠵᠡᠮᠰᠢᠨ᠂

ᠤᠷᠤᠯᠭ᠎ᠠ ᠪᠠᠨ ᠨᠡᠮᠡᠭᠳᠡᠬᠦᠯᠬᠦ ᠵᠠᠮ ᠢ ᠦᠷᠬᠡᠳᠬᠡᠵᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠬᠠᠮᠳᠤ ᠶᠢᠨ

ᠬᠦᠭᠵᠢᠯᠳᠡ ᠶᠢ ᠠᠬᠢᠭᠤᠯᠤᠬᠰᠠᠨ ᠪᠠᠶᠢᠨ᠎ᠠ᠃ ( ᠴᠧᠨ ᠬᠤᠩ ᠯᠢᠶᠠᠨ︶

 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号