ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ︽ᠲᠤᠯᠠᠭᠠᠯᠠᠭ᠎ᠠ ᠶᠢᠨ ᠢᠨᠵᠧᠨᠧᠷᠢᠩ︾ ᠤᠨ ᠲᠤᠬᠠᠶ ᠠᠬᠤᠢ ᠲᠠᠯᠠᠪᠤᠷ ᠲᠤ ᠠᠵᠢᠯᠯᠠᠪᠠ
ᠨᠡᠶᠢᠲᠡᠯᠡᠭᠰᠡᠨ ᠴᠠᠭ᠄
2024/6/20
       6 ᠰᠠᠷ᠎ᠠ ᠶᠢᠨ 18 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ︽ᠲᠤᠯᠠᠭᠠᠯᠠᠭ᠎ᠠ ᠶᠢᠨ ᠢᠨᠵᠧᠨᠧᠷᠢᠩ︾ ᠤᠨ ᠲᠤᠬᠠᠶ ᠠᠬᠤᠢ ᠲᠠᠯᠠᠪᠤᠷ ᠲᠤ ᠠᠵᠢᠯᠯᠠᠵᠤ᠂ ᠢᠯᠴᠢ ᠬᠠᠩᠭᠠᠬᠤ ᠬᠤᠭᠤᠯᠠᠶ ᠶᠢᠨ ᠲᠣᠤᠷ᠂ ᠢᠯᠴᠢ ᠰᠤᠯᠢᠬᠤ ᠥᠷᠲᠡᠭᠡ ᠵᠡᠷᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠪᠠ᠃       ︽ᠲᠤᠯᠠᠭᠠᠯᠠᠭ᠎ᠠ ᠶᠢᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠤᠨ᠎ᠠ᠂ ᠲᠦᠭ ᠲᠦᠮᠡᠨ ᠠᠶᠢᠯ ᠡᠷᠦᠬᠡ ᠶᠢᠨ ᠠᠮᠤᠷ ᠲᠠᠶᠢᠪᠤᠩ ᠠᠵᠤ ᠲᠦᠷᠦᠭᠦ ᠪᠠ ᠠᠮᠤᠷ ᠲᠦᠪᠰᠢᠨ ᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠵᠠᠯᠠᠶᠢᠳ ᠬᠤᠰᠢᠭᠤ ︽ᠡᠪᠦᠯ ᠤᠨ ᠡᠪᠡᠳᠴᠢᠨ ᠤ ᠠᠷᠬᠠᠭ ᠢ ᠵᠤᠨ ᠵᠠᠰᠠᠬᠤ︾ ︽ᠳᠤᠯᠠᠭᠠᠯᠠᠭ᠎ᠠ ᠶᠢ ᠵᠣᠭᠰᠣᠭᠠᠪᠠᠯ ᠳᠠᠷᠤᠶ ᠠᠵᠢᠯ ᠡᠬᠢᠯᠡᠭᠦᠯᠬᠦ︾ ᠶᠢ ᠪᠠᠷᠢᠮᠲᠠᠯᠠᠵᠤ᠂ ︽ᠲᠤᠯᠠᠭᠠᠯᠠᠭ᠎ᠠ ᠶᠢᠨ ᠢᠨᠵᠧᠨᠧᠷᠢᠩ︾ ᠢ 4 ᠰᠠᠷ᠎ᠠ ᠶᠢᠨ 12 ᠤᠨ ᠡᠳᠦᠷ ᠵᠠᠯᠭᠠᠭ᠎ᠠ ᠪᠠᠷ ᠪᠠᠷᠢᠯᠭ᠎ᠠ ᠡᠬᠢᠯᠡᠭᠦᠯᠪᠡ᠃       ᠰᠦᠨ ᠰᠢᠩ ᠢᠦᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠢᠯᠴᠢ ᠬᠠᠩᠭᠠᠬᠤ ᠲᠦᠭᠵᠢᠷᠡᠯ ᠠᠰᠠᠭᠤᠳᠠᠯ ᠲᠠᠢ ᠤᠶᠠᠯᠳᠤᠭᠤᠯᠵᠤ᠂ ᠢᠯᠴᠢ ᠬᠠᠩᠭᠠᠬᠤ ᠠᠵᠢᠯ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠡᠪᠡᠳᠴᠢᠨ ᠤ ᠦᠨᠳᠦᠰᠦ︾ ᠶᠢ ᠣᠨᠣᠪᠴᠢᠲᠠᠢ ᠡᠷᠢᠨ ᠣᠯᠵᠤ᠂ ᠡᠪᠡᠳᠴᠢᠨ ᠳᠤᠨᠢ ᠲᠠᠭᠠᠷᠠᠭᠤᠯᠤᠨ ᠡᠮ ᠲᠠᠯᠪᠢᠬᠤ᠂ ᠢᠯᠴᠢ ᠶᠢᠨ ᠢᠷᠡᠯᠲᠡ᠂ ᠢᠯᠴᠢ ᠶᠢᠨ ᠲᠣᠣᠷ᠂ ᠢᠯᠴᠢ ᠰᠣᠯᠢᠬᠤ ᠦᠷᠳᠡᠭᠡ᠂ ᠠᠰᠠᠷ᠂ ᠰᠠᠭᠤᠭᠠᠯᠢ ᠡᠷᠦᠬᠡ᠂ ᠬᠠᠮᠢᠶᠠᠷᠤᠯᠲᠠ᠂ ᠦᠢᠯᠡᠴᠢᠯᠡᠭᠡ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠤᠨᠢᠨ ᠳᠡᠭᠡᠷ᠎ᠡ ᠨᠢ ᠬᠦᠴᠦᠯᠡᠵᠦ᠂ ᠪᠢᠴᠢᠯ ᠡᠷᠭᠢᠯᠲᠡ ᠶᠢ ᠰᠢᠯᠤᠭᠤᠳᠬᠠᠵᠤ᠂ ᠰᠡᠳᠬᠢᠯ ᠲᠠᠯᠪᠢᠨ ᠬᠦᠴᠦ ᠣᠷᠣᠭᠤᠯᠵᠤ ︽ᠲᠤᠯᠠᠭᠠᠯᠠᠭ᠎ᠠ ᠶᠢᠨ ᠢᠨᠵᠧᠨᠧᠷᠢᠩ︾ ᠤᠨ ᠠᠵᠢᠯ ᠢ ᠰᠠᠶᠢᠳᠦᠷ ᠬᠢᠬᠦ ᠬᠡᠷᠡᠭᠲᠡᠢ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠤᠨ ᠱᠠᠭᠠᠷᠳᠠᠯᠭ᠎ᠠ ᠪᠣᠯᠤᠨ ᠠᠵᠢᠯᠯᠠᠬᠤ ᠲᠦᠷᠢᠮ ᠢ ᠴᠢᠩᠭ᠎ᠠ ᠵᠢᠷᠤᠮᠯᠠᠨ ᠠᠵᠢᠯᠯᠠᠵᠤ᠂ ︽ᠬᠠᠲᠠᠭᠤ ᠲᠣᠨᠤᠭ︾᠂ ︽ᠵᠥᠭᠡᠯᠡᠨ ᠲᠣᠨᠤᠭ︾ ᠢ ᠵᠡᠷᠭᠡᠪᠡᠷ ᠠᠳᠬᠤᠵᠤ ᠬᠠᠮᠲᠤᠪᠠᠷ ᠪᠠᠶᠢᠭᠤᠯᠬᠤ ᠶᠢ ᠪᠠᠷᠢᠮᠲᠠᠯᠠᠵᠤ᠂ ᠢᠨᠵᠧᠨᠧᠷᠢᠩ ᠤᠨ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠠᠬᠢᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠡᠳᠬᠢᠯ ᠳᠡᠯᠪᠢᠨ ᠬᠡᠷᠡᠭᠵᠢᠭᠦᠯᠵᠦ᠂ ᠪᠠᠷᠢᠯᠭ᠎ᠠ ᠶᠢᠨ ᠠᠵᠢᠯ ᠤᠨ ︽ᠰᠢᠵᠢᠷ ᠠᠯᠲᠠᠨ ᠬᠤᠭᠤᠴᠠᠭ᠎ᠠ︾ ᠶᠢ ᠠᠮᠵᠢᠨ᠂ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ ᠠᠵᠢᠯ ᠢᠶᠠᠨ ᠳᠠᠭᠤᠰᠬᠠᠬᠤ ᠶᠢ ᠪᠠᠲᠤᠯᠠᠵᠤ᠂ ᠪᠥᠬᠦ ᠬᠤᠰᠢᠭᠤᠨ ᠤ ᠣᠯᠠᠨ ᠲᠦᠮᠡᠨ ᠳᠤ ᠬᠠᠨᠤᠮᠵᠢᠲᠠᠶ ︽ᠬᠠᠯᠠᠭᠤᠨ ᠳᠤᠯᠠᠭᠠᠨ ᠬᠠᠷᠢᠭᠤᠯᠲᠠ ᠶᠢᠨ ᠬᠠᠭᠤᠳᠠᠰᠤ︾ ᠲᠤᠰᠢᠶᠠᠬᠤ ᠪᠠᠷ ᠴᠢᠷᠮᠠᠶᠢᠬᠤ ᠬᠡᠷᠡᠭᠲᠡᠶ ᠭᠡᠵᠡᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号