ᠪᠥᠬᠦ ᠣᠷᠣᠨ ᠤ ᠤᠶᠤᠲᠠᠳ ᠤᠨ ᠴᠡᠷᠢᠭ ᠡᠯᠰᠡᠬᠦ ᠠᠵᠢᠯ ᠡᠬᠢᠯᠡᠪᠡ
ᠨᠡᠶᠢᠲᠡᠯᠡᠭᠰᠡᠨ ᠴᠠᠭ᠄
2024/6/20
    ᠲᠦᠷᠦᠬᠦᠬᠡᠨ᠂ 2024 ᠣᠨ ᠤ ᠪᠥᠬᠦ ᠣᠷᠣᠨ ᠤ ᠴᠡᠷᠢᠭ ᠡᠯᠰᠡᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠪᠠ᠂ ᠡᠨᠡ ᠨᠢ ᠳᠤᠤᠷ᠎ᠠ ᠬᠠᠭᠠᠰ ᠵᠢᠯ ᠤᠨ ᠪᠥᠬᠦ ᠣᠷᠣᠨ ᠤ ᠤᠶᠤᠲᠠᠳ ᠤᠨ ᠴᠡᠷᠢᠭ ᠡᠯᠰᠡᠬᠦ ᠠᠵᠢᠯ ᠡᠬᠢᠯᠡᠭᠰᠡᠨ ᠢ ᠬᠠᠷᠠᠭᠤᠯᠵᠤ ᠪᠠᠶᠢᠨ᠎ᠠ᠃     ᠠᠵᠢᠯᠯᠠᠭ᠎ᠠ ᠳᠤ᠂ ᠴᠡᠷᠢᠭ ᠤᠨ ᠠᠯᠪᠠ ᠠᠴᠠ ᠬᠠᠯᠠᠬᠳᠠᠵᠤ ᠰᠤᠷᠤᠯᠭ᠎ᠠ ᠪᠠᠨ ᠰᠡᠷᠭᠦᠭᠡᠭᠰᠡᠨ ᠤᠶᠤᠲᠠᠳ ᠤᠨ ᠲᠥᠯᠥᠭᠡᠯᠡᠭᠴᠢ ᠪᠣᠯᠤᠨ ᠴᠡᠷᠢᠭ ᠲᠤ ᠤᠷᠤᠬᠰᠠᠨ ᠤᠶᠤᠲᠠᠳ ᠤᠨ ᠲᠥᠯᠥᠭᠡᠯᠡᠭᠴᠢ ᠵᠠᠯᠭᠠᠭ᠎ᠠ ᠪᠠᠷ ᠲᠠᠶᠢᠰᠠᠨ ᠳᠤ ᠭᠠᠷᠴᠤ᠂ ᠴᠡᠷᠢᠭ ᠠᠩᠭᠢ ᠳᠤ ᠪᠠᠶᠢᠬᠰᠠᠨ ᠤᠯᠤᠯᠳᠠ ᠲᠥᠷᠥᠭᠳᠡᠯ ᠪᠣᠯᠤᠨ ᠳᠠᠪᠳᠠᠨ ᠪᠤᠯᠪᠠᠰᠤᠷᠠᠬᠰᠠᠨ ᠥᠩᠭᠡᠷᠡᠯᠲᠡ ᠪᠠᠨ ᠬᠤᠪᠢᠶᠠᠯᠴᠠᠵᠤ᠂ ᠵᠠᠯᠠᠭᠤ ᠰᠤᠷᠤᠭᠴᠢᠳ ᠤᠨ ᠤᠯᠤᠰ ᠤᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠴᠡᠷᠢᠭ ᠤᠨ ᠬᠤᠸᠠᠷᠠᠨ ᠳᠤ ᠣᠴᠢᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠳᠤᠮᠳᠠ ᠵᠠᠯᠠᠭᠤ ᠨᠠᠰᠤᠨ ᠤ ᠬᠦᠰᠡᠯ ᠵᠡᠭᠦᠳᠦ ᠪᠠᠨ ᠲᠡᠷᠭᠡᠯᠰᠢᠬᠦᠯᠵᠦ᠂ ᠵᠠᠯᠠᠭᠤᠴᠤᠳ ᠤᠨ ᠭᠦᠨ ᠵᠤᠵᠠᠭᠠᠨ ᠤᠯᠤᠰ ᠢᠶᠠᠨ ᠬᠠᠶᠢᠷᠠᠯᠠᠬᠤ ᠰᠡᠳᠭᠢᠯᠭᠡ ᠪᠣᠯᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠬᠦᠯᠪᠡ᠃     ᠠᠵᠢᠯᠯᠠᠭ᠎ᠠ ᠶᠢᠨ ᠠᠬᠤᠢ ᠲᠠᠯᠠᠪᠠᠶ ᠳᠤ ᠪᠠᠰᠠ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠲᠤᠬᠠᠶ ᠶᠢᠨ ᠲᠠᠯᠠᠪᠠᠢ ᠶᠢᠨ ᠤᠬᠠᠭᠤᠯᠤᠨ ᠲᠠᠶᠢᠯᠪᠤᠷᠢᠯᠠᠬᠤ᠂ ᠴᠡᠷᠢᠭ ᠤᠨ ᠶᠠᠪᠤᠳᠠᠯ ᠤᠨ ᠲᠦᠷᠦᠯ ᠤᠨ ᠲᠣᠭᠯᠠᠯᠲᠠ ᠭᠠᠷᠭᠠᠬᠤ᠂ ᠲᠠᠮᠢᠷ ᠤᠨ ᠤᠷᠤᠯᠳᠤᠭᠠᠨ ᠬᠢᠬᠦ ᠵᠡᠷᠭᠡ ᠠᠵᠢᠯᠯᠠᠭ᠎ᠠ ᠲᠤᠬᠢᠷᠠᠭᠤᠯᠵᠤ᠂ ᠣᠯᠠᠨ ᠵᠦᠢᠯ ᠤᠨ ᠬᠡᠯᠪᠡᠷᠢ ᠶᠢᠨ ᠤᠬᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ ᠰᠤᠷᠤᠭᠴᠢᠳ ᠲᠤ ᠨᠠᠷᠢᠨ ᠨᠢᠮᠪᠠᠢ ᠲᠠᠶᠢᠯᠪᠤᠷᠢᠯᠠᠵᠤ᠂ ᠴᠡᠷᠢᠭ ᠡᠯᠰᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠤᠶᠤᠲᠠᠳ ᠤᠨ ᠴᠡᠷᠢᠭ ᠲᠤ ᠣᠷᠣᠵᠤ ᠤᠯᠤᠰ ᠲᠠᠭᠠᠨ ᠵᠢᠳᠬᠦᠬᠦ ᠵᠠᠯᠠᠭᠤ ᠨᠠᠰᠤᠨ ᠤ ᠬᠠᠯᠠᠭᠤᠨ ᠵᠤᠷᠢᠭ ᠢ ᠬᠥᠭᠵᠢᠭᠡᠪᠡ᠃     ᠪᠠᠭ᠎ᠠ ᠠᠴᠠ ᠪᠠᠨ ᠴᠡᠷᠢᠭ ᠲᠤ ᠣᠷᠣᠬᠤ ᠬᠦᠰᠡᠯ ᠲᠠᠢ ᠯᠢᠦ ᠬᠤᠤ ᠪᠣᠯ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠣᠶᠤᠲᠠᠨ ᠮᠥᠨ᠂ ᠲᠡᠷᠡ᠄ ︽ᠶᠡᠭᠡ ᠰᠤᠷᠭᠠᠭᠤᠯᠢ ᠳᠤ ᠤᠷᠤᠭᠰᠠᠨ ᠤ ᠳᠠᠷᠠᠭ᠎ᠠ᠂ ᠤᠯᠤᠰ ᠤᠨ ᠲᠤᠭ ᠬᠠᠮᠠᠭᠠᠯᠠᠬᠤ ᠠᠩᠭᠢ ᠳᠤ ᠣᠷᠣᠵᠤ ᠥᠪᠡᠷ ᠢ ᠪᠠᠨ ᠳᠠᠪᠲᠠᠨ ᠪᠣᠯᠪᠠᠰᠤᠷᠠᠭᠤᠯᠵᠤ᠂ ᠤᠳᠤ ᠴᠡᠷᠢᠭ ᠲᠤ ᠣᠷᠣᠬᠤ ᠪᠠᠷ ᠪᠡᠯᠡᠳᠭᠡᠵᠦ ᠪᠠᠶᠢᠨ᠎ᠠ︾ ᠭᠡᠵᠦ ᠶᠠᠷᠢᠨ᠎ᠠ᠃ ︵ᠰᠦᠨ ᠯᠢ ᠵᠢᠩ︶
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号