ᠪᠥᠬᠦ ᠣᠷᠣᠨ ᠤ ᠰᠤᠷᠤᠭᠴᠢᠳ ᠤᠨ ᠬᠥᠳᠡᠯᠮᠦᠷᠢ ᠶᠢᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/20
     ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠪᠦᠬᠦ ᠣᠷᠣᠨ ᠤ ᠰᠤᠷᠤᠭᠴᠢᠳ ᠤᠨ ᠬᠥᠳᠡᠯᠮᠦᠷᠢ ᠶᠢᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠵᠦ᠂ ᠬᠥᠳᠡᠯᠮᠦᠷᠢ ᠶᠢᠨ ᠬᠥᠮᠦᠵᠢᠯ ᠢ ᠬᠡᠷᠡᠭᠵᠢᠭᠦᠯᠦᠭᠰᠡᠨ ᠦᠷ᠎ᠡ ᠪᠦᠲᠦᠭᠡᠯ ᠢ ᠴᠢᠨᠠᠭᠰᠢᠳᠠ ᠳᠡᠯᠭᠡᠷᠡᠭᠦᠯᠵᠦ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ       ᠲᠣᠰ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠨᠢ ︽ᠦᠢᠯᠡᠳᠦᠯᠬᠡ ᠪᠠᠷ ᠤᠷᠠᠨ ᠳᠠᠷᠬᠠᠨ ᠤ ᠵᠤᠷᠢᠭ ᠰᠠᠨᠠᠭ᠎ᠠ ᠶᠢ ᠵᠠᠯᠭᠠᠮᠵᠢᠯᠠᠵᠤ᠂ ᠬᠥᠳᠡᠯᠮᠦᠷᠢ ᠪᠠᠷ ᠢᠷᠡᠭᠡᠳᠦᠢ ᠪᠠᠨ ᠴᠤᠭᠴᠠᠯᠠᠨ᠎ᠠ︾ ᠭᠡᠬᠦ ᠪᠠᠷ ᠭᠤᠤᠯ ᠰᠡᠳᠦᠪ ᠪᠤᠯᠭᠠᠵᠤ ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠢ ᠰᠤᠷᠤᠭᠴᠢᠳ ᠤᠨ ᠬᠥᠳᠡᠯᠮᠦᠷᠢ ᠶᠢᠨ ᠦᠵᠡᠯᠲᠡ ᠬᠥᠳᠡᠯᠮᠦᠷᠢ ᠶᠢᠨ ᠤᠬᠠᠮᠰᠠᠷ ᠢ ᠬᠥᠮᠥᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ ᠪᠠ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠰᠤᠷᠤᠯᠴᠠᠯᠭ᠎ᠠ ᠶᠢ ᠭᠦᠨᠵᠡᠭᠡᠢ ᠵᠣᠬᠢᠶᠠᠨ ᠪᠠᠶᠢᠭᠤᠯᠤᠨ ᠥᠷᠨᠢᠭᠦᠯᠵᠦ᠂ ︽ᠬᠥᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠶᠢ ᠪᠥᠬᠦ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ ᠳᠤ ᠨᠡᠶᠢᠳᠡᠮ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ︔ ᠡᠯ᠎ᠡ ᠰᠤᠷᠤᠯᠭ᠎ᠠ ᠶᠢᠨ ᠬᠤᠭᠤᠴᠠᠭᠠᠨ ᠤ ᠬᠥᠳᠡᠯᠮᠦᠷᠢ ᠶᠢᠨ ᠦᠢᠯᠡᠳᠦᠯᠭᠡ ᠶᠢᠨ ᠠᠵᠢᠯᠯᠠᠭ᠎ᠠ ᠶᠢ ᠲᠥᠪᠯᠡᠷᠡᠭᠦᠯᠦᠨ ᠵᠣᠬᠢᠶᠠᠨ ᠪᠠᠶᠢᠭᠤᠯᠤᠨ ᠥᠷᠨᠢᠭᠦᠯᠵᠦ᠂ ᠬᠥᠳᠡᠯᠮᠦᠷᠢ ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ᠂ ᠠᠵᠤ ᠠᠬᠤᠶᠢᠯᠠᠯ᠂ ᠲᠠᠷᠢᠶᠠᠯᠠᠩ ᠤᠨ ᠲᠠᠯᠠᠪᠠᠶ᠂ ᠳᠡᠭᠡᠳᠦ ᠵᠡᠷᠭᠡ ᠶᠢᠨ ᠰᠤᠷᠭᠠᠭᠤᠯᠢ ᠵᠡᠷᠭᠡ ᠦᠢᠯᠡᠳᠦᠯᠭᠡ ᠶᠢᠨ ᠲᠠᠯᠠᠪᠤᠷ ᠢ ᠭᠦᠢᠴᠡᠳ ᠠᠰᠢᠭᠯᠠᠨ᠂ ᠰᠤᠷᠤᠭᠴᠢᠳ ᠤᠨ ᠰᠠᠶᠢᠨ ᠳᠤᠷ᠎ᠠ ᠶᠢᠨ ᠦᠢᠯᠡᠴᠢᠯᠡᠭᠡ ᠪᠠ ᠨᠡᠶᠢᠲᠡ ᠶᠢᠨ ᠠᠰᠠᠷᠠᠮᠵᠢ ᠶᠢᠨ ᠬᠥᠳᠡᠯᠮᠦᠷᠢ ᠥᠷᠨᠢᠭᠦᠯᠬᠦ ᠳᠤ ᠨᠥᠬᠦᠴᠡᠯ ᠪᠦᠷᠢᠯᠳᠦᠭᠦᠯᠵᠦ᠂ ᠰᠤᠷᠭᠠᠭᠤᠯᠢ ᠶᠢᠨ ᠴᠦᠯᠯᠡᠷᠭᠡᠭᠵᠢᠯ ᠢ ᠵᠠᠰᠠᠬᠤ᠂ ᠨᠤᠲᠤᠭ ᠪᠡᠯᠴᠢᠭᠡᠷ ᠣᠷᠴᠢᠨ ᠲᠣᠭᠤᠷᠢᠨ ᠤ ᠬᠠᠮᠠᠭᠠᠯᠠᠯᠲᠠ ᠪᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠦᠢᠯᠡᠳᠦᠯᠭᠡ ᠶᠢᠨ ᠰᠢᠨ᠎ᠡ ᠬᠡᠯᠪᠡᠷᠢ ᠪᠠᠶᠢᠳᠠᠯ᠂ ᠰᠢᠨ᠎ᠡ ᠠᠷᠭ᠎ᠠ ᠮᠠᠶ᠋ᠢᠭ ᠵᠡᠷᠭᠡ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠵᠣᠷᠢᠭᠵᠢᠭᠤᠯᠬᠤ ᠬᠡᠷᠡᠭᠳᠡᠢ︔ ᠬᠥᠳᠡᠯᠮᠦᠷᠢ ᠶᠢᠨ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠶᠢ ᠣᠯᠠᠨ ᠲᠠᠯ᠎ᠠ ᠠᠴᠠ ᠥᠷᠨᠢᠭᠦᠯᠵᠦ᠂ ᠳᠡᠷᠭᠡᠳᠡᠬᠢ ᠬᠠᠮᠤᠭ ᠤᠨ ᠭᠤᠶᠣ ᠬᠥᠳᠡᠯᠮᠦᠷᠢᠴᠢᠨ ᠤ ᠬᠠᠮᠤᠭ ᠤᠨ ᠭᠤᠶᠣ ᠭᠱᠠᠨ ᠵᠠᠭᠤᠷ᠎ᠠ ᠪᠣᠯᠣᠨ ᠰᠤᠷᠤᠭᠴᠢᠳ ᠤᠨ ᠬᠥᠳᠡᠯᠮᠦᠷᠢ   ᠶᠢᠨ ᠦᠢᠯᠡᠳᠦᠯᠭᠡ   ᠶᠢᠨ ᠳᠤᠮᠳᠠ ᠬᠥᠳᠡᠯᠮᠦᠷᠢ ᠶᠢᠨ ᠤᠷ᠎ᠠ ᠮᠡᠷᠭᠡᠵᠢᠯ ᠪᠣᠯᠣᠨ ᠴᠢᠳᠠᠪᠤᠷᠢ ᠶᠢ ᠰᠤᠷᠴᠤ ᠡᠵᠡᠮᠰᠢᠭᠰᠡᠨ ᠪᠠᠶᠢᠳᠠᠯ ᠢ ᠳᠡᠯᠭᠡᠨ ᠦᠵᠡᠭᠦᠯᠵᠦ᠂ ᠰᠤᠷᠤᠭᠴᠢᠳ ᠤᠨ ᠬᠥᠳᠡᠯᠮᠦᠷᠢ   ᠶᠢᠨ ᠬᠠᠯᠠᠭᠤᠨ ᠰᠡᠳᠬᠢᠯᠭᠡ ᠶᠢ ᠬᠦᠭᠵᠢᠬᠡᠬᠦ ᠬᠡᠷᠡᠭᠳᠡᠢ᠃ ᠡᠭᠦᠨ ᠤ ᠬᠠᠮᠲᠤ᠂ ᠭᠡᠷ ᠪᠦᠯᠢ᠂ ᠨᠡᠶᠢᠭᠡᠮ ᠤᠨ ᠬᠢᠨ ᠤ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠳᠤ ᠣᠷᠣᠯᠴᠠᠬᠤ ᠶᠢ ᠵᠣᠷᠢᠭᠵᠢᠭᠤᠯᠵᠤ᠂ ᠰᠤᠷᠤᠭᠴᠢᠳ ᠢ ᠵᠣᠷᠢᠯᠭ᠎ᠠ ᠲᠠᠢ᠂ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠡᠳᠦᠷ ᠲᠤᠲᠤᠮ ᠤᠨ ᠠᠮᠢᠳᠤᠷᠠᠯ ᠤᠨ ᠬᠥᠳᠡᠯᠮᠦᠷᠢ᠂ ᠦᠢᠯᠡᠳᠪᠦᠷᠢᠯᠡᠯ ᠤᠨ ᠬᠥᠳᠡᠯᠮᠦᠷᠢ ᠪᠠ ᠦᠢᠯᠡᠴᠢᠯᠡᠭᠡᠨ ᠤ ᠴᠢᠨᠠᠷᠲᠠᠢ ᠬᠥᠳᠡᠯᠮᠦᠷᠢ ᠳᠤ ᠣᠷᠣᠯᠴᠠᠭᠤᠯᠵᠤ᠂ ᠭᠡᠷ ᠪᠦᠯᠢ ᠰᠤᠷᠭᠠᠭᠤᠯᠢ ᠨᠡᠶᠢᠬᠡᠮ ᠬᠠᠮᠲᠤ ᠪᠠᠷ ᠬᠥᠳᠡᠯᠮᠦᠷᠢ ᠶᠢ ᠬᠦᠨᠳᠦᠳᠬᠡᠬᠦ᠂ ᠬᠥᠳᠡᠯᠮᠦᠷᠢ ᠶᠢ ᠬᠠᠶᠢᠷᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠤᠯᠭᠠᠬᠤ ᠬᠡᠷᠡᠭᠳᠡᠢ ᠬᠡᠵᠦ ᠱᠠᠭᠠᠷᠳᠠᠪᠠ᠃     ᠣᠶᠢᠯᠠᠭᠠᠭᠰᠠᠨ ᠢᠶᠠᠷ᠂ 2022 ᠣᠨ ᠠᠴᠠ ᠡᠬᠢᠯᠡᠨ᠂ ᠰᠤᠷᠭᠠᠨ ᠬᠥᠮᠦᠵᠢᠯ ᠤᠨ ᠲᠢᠩᠬᠢᠮ ᠠᠴᠠ ᠵᠢᠯ ᠪᠦᠷᠢ ᠶᠢᠨ 5 ᠰᠠᠷ᠎ᠠ ᠶᠢ ᠪᠥᠬᠦ ᠣᠷᠣᠨ ᠤ ︽ᠰᠤᠷᠤᠭᠴᠢᠳ ᠤᠨ ᠬᠥᠳᠡᠯᠮᠦᠷᠢ ᠶᠢᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠪᠣᠯᠭᠠᠵᠤ ᠰᠤᠷᠤᠭᠴᠢᠳ ᠤᠨ ᠵᠥᠪ ᠣᠨᠣᠪᠴᠢᠲᠠᠶ ᠬᠥᠳᠡᠯᠮᠦᠷᠢ ᠶᠢᠨ ᠥᠷᠲᠡᠭ ᠤᠨ ᠦᠵᠡᠯᠲᠡ ᠪᠠ ᠰᠠᠶᠢᠨ ᠰᠠᠶᠢᠬᠠᠨ ᠬᠥᠳᠡᠯᠮᠦᠷᠢ ᠶᠢᠨ ᠬᠡᠪ ᠴᠢᠨᠠᠷ ᠢ ᠬᠥᠮᠥᠵᠢᠭᠦᠯᠬᠦ ᠪᠠᠷ ᠠᠭᠤᠯᠤᠭᠳᠠᠬᠤᠨ ᠪᠣᠯᠭᠠᠭᠰᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠬᠥᠳᠡᠯᠮᠦᠷᠢ ᠪᠠᠷ ᠶᠣᠰᠣ ᠰᠤᠷᠳᠠᠬᠤᠨ ᠢ ᠪᠣᠶ ᠪᠣᠯᠭᠠᠬᠤ᠂ ᠬᠥᠳᠡᠯᠮᠦᠷᠢ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠬᠥᠳᠡᠯᠮᠦᠷᠢ ᠪᠠᠷ ᠪᠡᠶ᠎ᠡ ᠮᠠᠬᠠᠪᠤᠳ ᠢ ᠴᠢᠬᠢᠷᠠᠭᠵᠢᠭᠤᠯᠬᠤ᠂ ᠬᠥᠳᠡᠯᠮᠦᠷᠢ ᠪᠠᠷ ᠭᠤᠸ᠎ᠠ ᠰᠠᠶᠢᠬᠠᠨ ᠢ ᠬᠥᠮᠥᠵᠢᠭᠦᠯᠬᠦ ᠶᠡᠷᠦᠩᠬᠡᠶᠢᠯᠡᠭᠰᠡᠨ ᠬᠥᠮᠥᠨ ᠢ ᠬᠥᠮᠥᠵᠢᠭᠦᠯᠬᠦ ᠥᠷᠲᠡᠭ ᠤᠨ ᠰᠢᠰᠲ᠋ᠧᠮ ᠶᠠᠭ ᠪᠦᠷᠢᠯᠳᠦᠵᠦ ᠪᠠᠶᠢᠭ᠎ᠠ ᠶᠤᠮ᠃            
 
ᠢᠷᠡᠯᠲᠡ᠄ ᠦᠪᠤᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号