ᠲᠡᠮᠡᠭᠡᠴᠢ ᠪᠠᠯᠭᠠᠰᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠦᠷᠨᠢᠭᠦᠯᠵᠡᠢ
ᠨᠡᠶᠢᠲᠡᠯᠡᠭᠰᠡᠨ ᠴᠠᠭ᠄
2024/6/21
        ᠶᠡᠷᠦᠩᠬᠡᠶ ᠱᠦᠵᠢ ᠰᠢ ᠶᠢᠨ ᠫᠢᠩ ᠤᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠵᠤ᠂ ︽ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 19 ᠤ ᠡᠳᠦᠷ᠂   ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠮᠠᠯᠴᠢᠨ ᠲᠠᠷᠢᠶᠠᠴᠢᠨ ᠲᠦᠮᠡᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠬᠠᠭᠤᠯᠭ᠎ᠠ ᠶᠢᠨ  ᠮᠠᠲ᠋ᠧᠷᠢᠶᠠᠯ ᠵᠡᠷᠭᠡ ᠶᠢ ᠬᠦᠷᠭᠡᠪᠡ᠃  ᠤᠨᠤᠯ ᠤᠨ ᠤᠬᠠᠭᠤᠯᠤᠨ ᠲᠠᠶᠢᠯᠪᠤᠷᠢᠯᠠᠭᠴᠢ ᠲᠤᠬᠠᠢ ᠶᠢᠨ ᠲᠠᠯᠠᠪᠠᠢ ᠳᠤ ᠤᠯᠠᠨ ᠲᠦᠮᠡᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠴᠢ ᠬᠤᠯᠪᠣᠭᠳᠠᠯ᠂ ᠵᠣᠷᠢᠯᠭ᠎ᠠ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠥᠷᠭᠡᠨ ᠤᠯᠠᠨ ᠲᠦᠮᠡᠨ ᠢ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠵᠤ᠂ ᠳᠡᠮᠵᠢᠵᠦ᠂ ᠣᠷᠣᠯᠴᠠᠵᠤ᠂  ᠰᠠᠨᠠᠭᠠᠰᠢᠷᠠᠨ ᠵᠣᠪᠠᠨᠢᠬᠤ ᠤᠬᠠᠮᠰᠠᠷ᠂ ᠲᠦᠭᠰᠢᠭᠦᠷᠢ ᠶᠢᠨ ᠤᠬᠠᠮᠰᠠᠷ ᠢᠶᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠪᠠᠬᠢᠵᠢᠭᠦᠯᠬᠦ ︽ᠤᠶᠤᠨ ᠰᠠᠨᠠᠭᠠᠨ ᠤ ᠤᠷᠳᠤ ᠴᠠᠭᠠᠨ ᠬᠡᠷᠡᠮ︾ ᠢ ᠪᠠᠲᠤ ᠴᠣᠭᠴᠠᠯᠠᠬᠤ ᠬᠡᠷᠡᠭᠲᠡᠢ ᠭᠡᠵᠦ ᠤᠷᠢᠶᠠᠯᠠᠪᠠ᠃      ᠡᠭᠦᠨ ᠠᠴᠠ ᠭᠠᠳᠠᠨ᠎ᠠ᠂ ᠲᠡᠮᠡᠭᠡᠴᠢ ᠪᠠᠯᠭᠠᠰᠤᠨ ᠤ ᠴᠡᠷᠢᠭ ᠡᠯᠰᠡᠬᠦ ᠠᠯᠪᠠᠨ ᠬᠡᠷ ᠪᠠᠰᠠ ᠴᠡᠷᠢᠭ ᠡᠯᠰᠡᠬᠦ ᠭᠠᠷ ᠳᠡᠪᠲᠡᠷ᠂ ᠴᠡᠷᠢᠭ ᠡᠯᠰᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠪᠠᠷ ᠬᠠᠷᠢᠶ᠎ᠠ ᠣᠷᠣᠨ ᠤ ᠵᠣᠬᠢᠬᠤ ᠨᠠᠰᠤᠨ ᠤ ᠵᠠᠯᠠᠭᠤᠴᠤᠳ ᠲᠤ ᠤᠳᠠᠯ ᠥᠬᠡᠶ ᠡᠬᠢᠯᠡᠬᠦ ᠭᠡᠵᠦ ᠪᠠᠶᠢᠭ᠎ᠠ ᠨᠠᠮᠤᠷ ᠤᠨ ᠤᠯᠠᠷᠢᠯ ᠤᠨ ᠴᠡᠷᠢᠭ ᠡᠯᠰᠡᠬᠦ ᠶᠠᠪᠤᠴᠠ᠂ ᠨᠥᠬᠦᠴᠡᠯ ᠪᠠ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠵᠡᠷᠭᠡ ᠠᠭᠤᠯᠭ᠎ᠠ ᠶᠢ ᠨᠠᠷᠢᠨ ᠲᠠᠨᠢᠯᠴᠠᠭᠤᠯᠬᠤ ᠶᠢᠨ ᠬᠠᠮᠲᠤ ᠬᠡᠰᠡᠭ ᠪᠣᠳᠠᠲᠠᠶ ᠠᠰᠠᠭᠤᠳᠠᠯ ᠤᠨ ᠲᠤᠬᠠᠶ ᠨᠠᠷᠢᠨ ᠨᠢᠮᠪᠠᠶ ᠬᠠᠷᠢᠭᠤᠯᠲᠠ ᠥᠭᠴᠦ᠂ ᠴᠡᠷᠢᠭ ᠲᠤ ᠣᠷᠣᠬᠤ ᠬᠦᠰᠡᠯ ᠲᠠᠢ ᠵᠠᠯᠠᠭᠤᠴᠤᠳ ᠲᠤ ᠴᠡᠷᠢᠭ ᠤᠨ ᠬᠤᠸᠠᠷᠠᠨ ᠳᠤ ᠪᠤᠯᠪᠠᠰᠤᠷᠠᠬᠤ ᠳᠠᠪᠠᠭᠤᠯᠢᠭ ᠪᠠ ᠰᠠᠶᠢᠨ ᠲᠠᠯ᠎ᠠ ᠶᠢ ᠨᠠᠩ ᠰᠢᠭᠤᠳ ᠣᠶᠢᠯᠠᠭᠠᠭᠤᠯᠵᠤ᠂ ᠴᠡᠷᠢᠭ ᠤᠨ ᠬᠤᠸᠠᠷᠠᠨ ᠳᠤ ᠤᠴᠢᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠪᠡ᠃
     ᠲᠣᠰ ᠤᠳᠠᠭᠠᠨ ᠤ ᠠᠵᠢᠯᠯᠠᠭ᠎ᠠ ᠶᠢᠨ ᠢᠳᠡᠪᠬᠢ ᠠᠴᠢ ᠬᠤᠯᠪᠣᠭᠳᠠᠯ ᠨᠢ ᠬᠠᠷᠢᠶ᠎ᠠ ᠣᠷᠣᠨ ᠤ ᠮᠠᠯᠴᠢᠨ ᠲᠠᠷᠢᠶᠠᠴᠢᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠮᠡᠳᠡᠯᠭᠡ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷᠲᠤ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠳᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠡᠮᠡᠭᠡᠴᠢ ᠪᠠᠯᠭᠠᠰᠤ ᠤᠯᠠᠨ ᠶᠠᠩᠵᠤ ᠶᠢᠨ ᠬᠡᠯᠪᠡᠷᠢ᠂ ᠪᠠᠶᠠᠯᠢᠭ ᠠᠭᠤᠯᠭ᠎ᠠ ᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠲᠡᠮᠡᠭᠡᠴᠢ ᠪᠠᠯᠭᠠᠰᠤᠨ ᠤ ᠤᠯᠠᠨ ᠲᠦᠮᠡᠨ ᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠬᠤ ᠪᠤᠯᠤᠨ᠎ᠠ᠃
 
ᠢᠷᠡᠯᠲᠡ᠄ ᠲᠡᠮᠡᠭᠡᠴᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号