ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ︽ᠭᠤᠷᠪᠠᠨ ᠵᠦᠢᠯ ᠤᠨ ᠠᠵᠢᠯ︾ ᠵᠢᠴᠢ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/21
       6 ᠰᠠᠷ᠎ᠠ ᠶᠢᠨ 19 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ᠤᠷᠢᠳ ᠬᠤᠵᠢᠳ ᠬᠤᠯᠪᠣᠭ᠎ᠠ ᠪᠠᠯᠭᠠᠰᠤ᠂ ᠢᠨᠳᠡᠷ ᠪᠠᠯᠭᠠᠰᠤ᠂ ᠪᠠᠶᠠᠨᠭᠤᠤᠯ ᠪᠠᠯᠭᠠᠰᠤᠨ ᠳᠤ ᠬᠦᠷᠴᠣ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ︽ᠭᠤᠷᠪᠠᠨ ᠵᠦᠢᠯ ᠤᠨ ᠠᠵᠢᠯ︾᠂ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠢ ᠰᠢᠢᠳᠪᠦᠷᠢᠯᠡᠬᠦ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠪᠡ᠃     ᠰᠦᠨ ᠰᠢᠩ ᠢᠦᠢ᠂ ︽ᠭᠤᠷᠪᠠᠨ ᠠᠵᠢᠯ︾ ᠢ ᠡᠷᠬᠡᠪᠰᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠴᠤᠬᠴᠠᠵᠢᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤ ᠬᠥᠮᠦᠵᠢᠯ ᠬᠦᠷᠲᠡᠬᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠪᠣᠳᠠᠲᠠᠢ ᠠᠰᠢᠭ ᠬᠦᠷᠳᠡᠬᠦ᠂ ᠬᠥᠭᠵᠢᠯᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ᠂ ᠡᠳᠦᠷ ᠳᠤᠳᠤᠮ ᠤᠨ ᠬᠥᠮᠦᠵᠢᠯ᠂ ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠰᠠᠬᠢᠬᠤ ᠶᠢ ᠬᠦᠳᠦᠯᠦᠨ ᠵᠢᠯᠣᠭᠤᠳᠴᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ︔ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠢ ᠳᠠᠷᠤᠭᠠᠰᠤ ᠶᠢ ᠨᠢ  ᠬᠦᠩᠬᠡᠷᠡᠭᠦᠯᠵᠤ᠂ ᠬᠥᠩᠭᠡᠨ ᠢᠶᠠᠷ ᠪᠠᠶᠢᠯᠳᠤᠭᠠᠨ ᠳᠤ ᠤᠷᠤᠯᠴᠠᠬᠤ ᠬᠡᠷᠡᠭᠲᠡᠢ︔ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ᠂ ᠨᠥᠬᠦᠪᠥᠷᠢ ᠲᠠᠷᠬᠠᠭᠠᠬᠤ᠂ ᠭᠤᠷᠪᠠᠨ ᠪᠡᠯᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠢ ᠵᠢᠷᠤᠮᠵᠢᠭᠤᠯᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠣᠪᠠᠨᠢᠵᠤ ᠬᠦᠰᠡᠵᠦ ᠪᠠᠶᠢᠭ᠎ᠠ ᠵᠦᠢᠯ ᠢ ᠰᠡᠳᠬᠢᠯ ᠲᠠᠯᠪᠢᠨ ᠰᠢᠢᠳᠪᠦᠷᠢᠯᠡᠬᠦ ᠬᠡᠷᠡᠭᠲᠡᠢ ᠭᠡᠵᠡᠢ     ᠰᠦᠨ ᠰᠢᠩ ᠢᠦᠢ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠶᠤᠯᠲᠠᠢ ᠪᠠᠷᠢᠯᠭ᠎ᠠ ᠶᠢᠨ ᠬᠡᠰᠡᠭ᠂ ᠵᠠᠮ ᠬᠥᠭᠦᠷᠭᠡ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠣᠳᠠᠲᠤ ᠳᠠᠶᠢᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠣᠬᠢᠶᠠᠨ ᠪᠠᠶᠢᠭᠤᠯᠤᠯᠲᠠ ᠶᠢᠨ ᠪᠡᠯᠡᠳᠬᠡᠯ᠂ ᠮᠡᠷᠭᠡᠵᠢᠯ ᠤᠨ ᠪᠡᠯᠡᠳᠬᠡᠯ᠂ ᠡᠳ᠋ ᠪᠣᠳᠠᠰ ᠤᠨ ᠪᠡᠯᠡᠳᠬᠡᠯ᠂ ᠠᠵᠢᠯ ᠤᠨ ᠪᠡᠯᠡᠳᠬᠡᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠠᠬᠢᠭᠤᠯᠵᠤ᠂ ᠰᠡᠷᠭᠦᠭᠡᠨ ᠬᠠᠭᠠᠯᠪᠤᠷᠢᠯᠠᠭᠰᠠᠨ ᠲᠠᠷᠢᠶᠠᠨ ᠭᠠᠵᠠᠷ ᠢ ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ︽ᠵᠠᠯᠠᠶᠢᠳ ᠤᠨ ᠵᠠᠭᠪᠤᠷ︾ ᠢ ᠰᠦᠪᠡᠭᠴᠢᠯᠡᠨ ᠦᠢᠯᠡᠳᠦᠯᠭᠡᠵᠢᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠵᠤ᠂ ᠨᠢᠭᠡ ᠠᠴᠠ ᠨᠥᠭᠦᠭᠡ ᠶᠢ ᠵᠦᠢᠴᠢᠯᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠷᠠᠳ ᠤᠨ ᠰᠡᠳᠬᠢᠯ ᠤᠨ ᠢᠨᠵᠧᠨᠧᠷᠢᠩ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠣᠯᠭᠠᠬᠤ ᠬᠡᠷᠡᠭᠲᠡᠶ᠃ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠂ ᠡᠪᠡᠰᠦᠨ ᠤ ᠦᠷ᠎ᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠡᠪᠡᠰᠦᠨ ᠦᠷ᠎ᠡ ᠶᠢ ᠰᠣᠩᠭᠤᠨ ᠪᠤᠶᠢᠵᠢᠭᠤᠯᠬᠤ᠂ ᠥᠷᠭᠡᠳᠬᠡᠨ ᠪᠤᠶᠢᠵᠢᠭᠤᠯᠬᠤ᠂ ᠳᠠᠷᠢᠬᠤ ᠮᠡᠷᠭᠡᠵᠢᠯ᠂ ᠠᠮᠢ ᠠᠬᠤᠶ ᠶᠢ ᠰᠡᠷᠭᠦᠭᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠮᠠᠯ ᠪᠡᠯᠴᠢᠭᠡᠷ ᠤᠨ ᠲᠡᠩᠴᠡᠭᠦᠷᠢ᠂ ᠠᠮᠢ ᠠᠬᠤᠶ ᠶᠢᠨ ᠰᠡᠷᠭᠦᠭᠡᠯᠲᠡ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号