ᠵᠠᠯᠠᠶᠢᠳ ᠬᠤᠰᠢᠭᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/6/21
    6 ᠰᠠᠷ᠎ᠠ ᠶᠢᠨ 20 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠪᠣᠯᠤᠨ ᠭᠤᠷᠢᠳᠠᠬᠤ ᠪᠤᠳᠤᠯ ᠢ ᠲᠡᠪᠴᠢᠵᠦ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠦᠶᠡᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠡᠳ᠋ ᠪᠣᠳᠠᠰ ᠵᠢᠴᠢ ᠬᠥᠮᠦᠰ ᠢ ᠳᠣᠭᠢᠷᠠᠭᠤᠯᠬᠤ ᠠᠵᠢᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ  ᠢᠶᠠᠨ ᠴᠢᠩᠭᠠᠳᠬᠠᠵᠤ᠂ ᠭᠤᠤᠯ ᠪᠣᠯᠬᠤ ᠭᠤᠤᠯ ᠮᠥᠷᠡᠨ ᠤ ᠳᠡᠭᠡᠳᠦ ᠳᠣᠤᠷᠠᠳᠤ ᠤᠷᠤᠰᠬᠠᠯ᠂ ᠠᠭᠤᠯᠠᠨ ᠦᠶᠡᠷ ᠤᠨ ᠭᠤᠤ  ᠰᠤᠪᠠᠭ᠂ ᠬᠥᠭᠦᠷᠭᠡ ᠶᠢᠨ ᠭᠤᠯᠳᠤᠩ᠂ ᠠᠮᠠᠷᠬᠠᠨ ᠤᠰᠤᠲᠤᠬᠤ ᠬᠡᠰᠡᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠪᠣᠷᠣᠭᠠᠨ ᠣᠷᠣᠬᠤ ᠬᠡᠮᠵᠢᠶ᠎ᠡ ᠶᠢ ᠴᠠᠭ ᠲᠤᠬᠠᠶ ᠳᠤᠨᠢ ᠠᠩᠬᠠᠷᠴᠤ᠂ ᠥᠪᠡᠰᠦᠪᠡᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠶᠤᠯ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠵᠤ ᠲᠠᠶᠢᠴᠢᠯᠠᠨ ᠵᠢᠯᠣᠭᠤᠳᠬᠤ ᠠᠵᠢᠯ ᠢᠶᠠᠨ ᠴᠢᠩᠭᠠᠳᠬᠠᠵᠤ᠂ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠰᠤᠮᠤ ᠪᠠᠯᠭᠠᠰᠤ᠂ ᠭᠠᠴᠠᠭ᠎ᠠ ᠲᠣᠰᠬᠤᠨ ᠬᠤᠶᠠᠷ ᠱᠠᠲᠤᠨ ᠤ ᠬᠢᠨ ᠦᠶᠡᠷ ᠢ ᠰᠡᠷᠭᠡᠶᠢᠯᠡᠵᠦ ᠠᠶᠤᠯ ᠠᠴᠠ ᠵᠠᠶᠢᠯᠠᠬᠤ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠠᠴᠠ ᠵᠠᠶᠢᠯᠠᠬᠤ ᠤᠬᠠᠮᠰᠠᠷ ᠪᠠ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠴᠢᠩᠭ᠎ᠠ ᠵᠢᠷᠤᠮᠯᠠᠨ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠠᠵᠢᠯ ᠲᠦᠷᠦᠯ ᠲᠤᠰ ᠰᠠᠯᠠᠭ᠎ᠠ ᠮᠥᠴᠢᠷ ᠤᠨ ᠢᠶᠠᠨ ᠦᠶᠡᠷ ᠢ ᠰᠡᠷᠭᠡᠶᠢᠯᠡᠵᠦ ᠠᠮᠤᠷ ᠲᠦᠪᠰᠢᠨ ᠢ ᠪᠠᠲᠤᠯᠠᠬᠤ ᠠᠵᠢᠯ ᠢ ᠰᠠᠶᠢᠲᠤᠷ ᠠᠳᠬᠤᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠦᠶᠡᠷ ᠤᠨ ᠬᠤᠭᠤᠴᠠᠭᠠᠨ ᠤ ᠠᠷᠠᠳ ᠤᠯᠠᠨ ᠤ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃    
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号