| ᠶᠡᠷᠦᠩᠬᠡᠶ ᠱᠦᠵᠢ ᠰᠢ ᠶᠢᠨ ᠫᠢᠩ ᠤᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠦᠨ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠵᠤ᠂ ︽ᠤᠯᠤᠰ ᠤᠨ ᠪᠠᠲᠤᠯᠠᠨ ᠬᠠᠮᠠᠭᠠᠯᠠᠯᠲᠠ ᠶᠢ | ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ | ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ︾ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 19 ᠤ ᠡᠳᠦᠷ᠂ ᠵᠠᠯᠠᠶᠢᠳ ᠬᠤᠰᠢᠭᠤᠨ ᠤ | ᠲᠡᠮᠡᠭᠡᠴᠢ ᠪᠠᠯᠭᠠᠰᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠬᠥᠮᠦᠵᠢᠯ ᠤᠨ | ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠮᠠᠯᠴᠢᠨ ᠲᠠᠷᠢᠶᠠᠴᠢᠨ ᠲᠦᠮᠡᠨ ᠳᠤ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠶᠢ ᠬᠦᠷᠭᠡᠪᠡ᠃ ᠤᠨᠤᠯ ᠤᠨ | ᠤᠬᠠᠭᠤᠯᠤᠨ ᠲᠠᠶᠢᠯᠪᠤᠷᠢᠯᠠᠭᠴᠢ ᠲᠤᠬᠠᠢ ᠶᠢᠨ ᠲᠠᠯᠠᠪᠠᠢ ᠳᠤ ᠤᠯᠠᠨ ᠲᠦᠮᠡᠨ ᠳᠤ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠠᠴᠢ ᠬᠤᠯᠪᠣᠭᠳᠠᠯ᠂ ᠵᠣᠷᠢᠯᠭ᠎ᠠ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ︾ ᠵᠡᠷᠭᠡ ᠬᠤᠯᠪᠣᠭᠳᠠᠯ | ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠥᠷᠭᠡᠨ ᠤᠯᠠᠨ ᠲᠦᠮᠡᠨ ᠢ ᠪᠦᠬᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠵᠤ᠂ ᠳᠡᠮᠵᠢᠵᠦ᠂ ᠣᠷᠣᠯᠴᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ᠂ | ᠲᠦᠭᠰᠢᠭᠦᠷᠢ ᠶᠢᠨ ᠤᠬᠠᠮᠰᠠᠷ ᠢᠶᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠪᠠᠬᠢᠵᠢᠭᠦᠯᠬᠦ ︽ᠤᠶᠤᠨ | ᠰᠠᠨᠠᠭᠠᠨ ᠤ ᠤᠷᠳᠤ ᠴᠠᠭᠠᠨ ᠬᠡᠷᠡᠮ︾ ᠢ ᠪᠠᠲᠤ ᠴᠣᠭᠴᠠᠯᠠᠬᠤ ᠬᠡᠷᠡᠭᠲᠡᠢ ᠭᠡᠵᠦ ᠤᠷᠢᠶᠠᠯᠠᠪᠠ᠃ | ᠡᠭᠦᠨ ᠠᠴᠠ ᠭᠠᠳᠠᠨ᠎ᠠ᠂ ᠲᠡᠮᠡᠭᠡᠴᠢ ᠪᠠᠯᠭᠠᠰᠤᠨ ᠤ ᠴᠡᠷᠢᠭ ᠡᠯᠰᠡᠬᠦ ᠠᠯᠪᠠᠨ ᠬᠡᠷ ᠪᠠᠰᠠ ᠴᠡᠷᠢᠭ ᠡᠯᠰᠡᠬᠦ ᠭᠠᠷ | ᠳᠡᠪᠲᠡᠷ᠂ ᠴᠡᠷᠢᠭ ᠡᠯᠰᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠪᠠᠷ ᠬᠠᠷᠢᠶ᠎ᠠ ᠣᠷᠣᠨ ᠤ ᠵᠣᠬᠢᠬᠤ | ᠨᠠᠰᠤᠨ ᠤ ᠵᠠᠯᠠᠭᠤᠴᠤᠳ ᠲᠤ ᠤᠳᠠᠯ ᠥᠬᠡᠶ ᠡᠬᠢᠯᠡᠬᠦ ᠭᠡᠵᠦ ᠪᠠᠶᠢᠭ᠎ᠠ ᠨᠠᠮᠤᠷ ᠤᠨ ᠤᠯᠠᠷᠢᠯ ᠤᠨ ᠴᠡᠷᠢᠭ ᠡᠯᠰᠡᠬᠦ | ᠶᠠᠪᠤᠴᠠ᠂ ᠨᠥᠬᠦᠴᠡᠯ ᠪᠠ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠵᠡᠷᠭᠡ ᠠᠭᠤᠯᠭ᠎ᠠ ᠶᠢ ᠨᠠᠷᠢᠨ | ᠲᠠᠨᠢᠯᠴᠠᠭᠤᠯᠬᠤ ᠶᠢᠨ ᠬᠠᠮᠲᠤ ᠬᠡᠰᠡᠭ ᠪᠣᠳᠠᠲᠠᠶ ᠠᠰᠠᠭᠤᠳᠠᠯ ᠤᠨ ᠲᠤᠬᠠᠶ ᠨᠠᠷᠢᠨ ᠨᠢᠮᠪᠠᠶ ᠬᠠᠷᠢᠭᠤᠯᠲᠠ ᠥᠭᠴᠦ᠂ | ᠴᠡᠷᠢᠭ ᠲᠤ ᠣᠷᠣᠬᠤ ᠬᠦᠰᠡᠯ ᠲᠠᠢ ᠵᠠᠯᠠᠭᠤᠴᠤᠳ ᠲᠤ ᠴᠡᠷᠢᠭ ᠤᠨ ᠬᠤᠸᠠᠷᠠᠨ ᠳᠤ ᠪᠤᠯᠪᠠᠰᠤᠷᠠᠬᠤ ᠳᠠᠪᠠᠭᠤᠯᠢᠭ ᠪᠠ | ᠰᠠᠶᠢᠨ ᠲᠠᠯ᠎ᠠ ᠶᠢ ᠨᠠᠩ ᠰᠢᠭᠤᠳ ᠣᠶᠢᠯᠠᠭᠠᠭᠤᠯᠵᠤ᠂ ᠴᠡᠷᠢᠭ ᠤᠨ ᠬᠤᠸᠠᠷᠠᠨ ᠳᠤ ᠤᠴᠢᠬᠤ ᠬᠠᠯᠠᠭᠤᠨ | ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠪᠡ᠃ | ᠲᠣᠰ ᠤᠳᠠᠭᠠᠨ ᠤ ᠠᠵᠢᠯᠯᠠᠭ᠎ᠠ ᠶᠢᠨ ᠢᠳᠡᠪᠬᠢ ᠠᠴᠢ ᠬᠤᠯᠪᠣᠭᠳᠠᠯ ᠨᠢ ᠬᠠᠷᠢᠶ᠎ᠠ ᠣᠷᠣᠨ ᠤ ᠮᠠᠯᠴᠢᠨ | ᠲᠠᠷᠢᠶᠠᠴᠢᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠮᠡᠳᠡᠯᠭᠡ ᠶᠢᠨ ᠲᠤᠬᠠᠶ ᠨᠠᠩ | ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷᠲᠤ ᠴᠢᠨᠠᠷ ᠢᠶᠠᠨ | ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠳᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠡᠮᠡᠭᠡᠴᠢ ᠪᠠᠯᠭᠠᠰᠤ | ᠤᠯᠠᠨ ᠶᠠᠩᠵᠤ ᠶᠢᠨ ᠬᠡᠯᠪᠡᠷᠢ᠂ ᠪᠠᠶᠠᠯᠢᠭ ᠠᠭᠤᠯᠭ᠎ᠠ ᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ | ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠲᠡᠮᠡᠭᠡᠴᠢ ᠪᠠᠯᠭᠠᠰᠤᠨ ᠤ | ᠤᠯᠠᠨ ᠲᠦᠮᠡᠨ ᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ | ᠤᠯᠠᠮ ᠨᠢᠭᠡ ᠠᠯᠬᠤᠮ ᠴᠢᠩᠭᠠᠳᠬᠠᠬᠤ ᠪᠤᠯᠤᠨ᠎ᠠ᠃ |