ᠡᠨᠡ ᠵᠢᠯ ᠵᠠᠯᠠᠶᠢᠳ ᠬᠤᠰᠢᠭᠤ ᠰᠢᠨᠵᠢᠯᠡᠬᠦ ᠤᠬᠠᠭᠠᠨᠴᠢ ᠪᠠᠷ 70 ᠲᠦᠮᠡᠨ ᠮᠤ᠋ ᠤᠰᠤᠨ ᠲᠤᠳᠤᠷᠭ᠎ᠠ ᠲᠠᠷᠢᠵᠠᠢ
ᠨᠡᠶᠢᠲᠡᠯᠡᠭᠰᠡᠨ ᠴᠠᠭ᠄
2024/6/21
    ᠵᠠᠯᠠᠶᠢᠳ ᠬᠤᠰᠢᠭᠤ ᠪᠦᠬᠦ ᠤᠷᠤᠨ ᠤ ᠤᠰᠤᠨ ᠲᠤᠲᠤᠷᠭ᠎ᠠ ᠶᠢᠨ ᠴᠢᠬᠤᠯᠠ ᠰᠠᠭᠤᠷᠢᠨ ᠭᠠᠵᠠᠷ ᠪᠤᠯᠤᠨ᠎ᠠ᠃ ᠤᠶᠢᠷ᠎ᠠ ᠶᠢᠨ ᠵᠢᠯ ᠠᠴᠠ ᠨᠠᠭᠠᠰᠢ᠂ ᠲᠤᠰ ᠬᠤᠰᠢᠭᠤ ᠤᠰᠤᠨ ᠲᠤᠲᠤᠷᠭ᠎ᠠ ᠲᠠᠷᠢᠬᠤ ᠪᠠᠷ ᠲᠠᠷᠢᠶᠠᠴᠢᠳ ᠢ ᠪᠠᠶᠠᠵᠢᠭᠤᠯᠬᠤ ᠠᠵᠤ ᠦᠢᠯᠡᠰ ᠪᠣᠯᠭᠠᠵᠤ᠂ ᠰᠢᠨᠵᠢᠯᠡᠬᠦ ᠤᠬᠠᠭᠠᠨᠴᠢᠯᠠᠬᠤ᠂ ᠮᠠᠰᠢᠨᠴᠢᠯᠠᠬᠤ᠂ ᠬᠡᠪᠴᠢᠶᠡᠵᠢᠭᠦᠯᠬᠦ ᠶᠢ ᠠᠬᠢᠭᠤᠯᠤᠭᠠᠳ ᠤᠯᠠᠮᠵᠢᠯᠠᠯᠲᠤ ᠠᠷᠭ᠎ᠠ ᠪᠠᠷ ᠲᠠᠷᠢᠬᠤ ᠶᠢ ᠤᠳᠤ ᠦᠶ᠎ᠡ ᠶᠢᠨ ᠤᠶᠤᠨᠲᠤ ᠲᠠᠷᠢᠶᠠᠯᠠᠩ ᠲᠡᠰᠢ ᠬᠤᠪᠢᠷᠠᠭᠤᠯᠤᠭᠠᠳ ᠠᠮᠵᠢᠯᠳᠠ ᠤᠯᠵᠠᠢ᠃    ︽ᠨᠢᠳᠦᠨᠦᠨ᠂ ᠪᠢᠳᠡ 600 ᠮᠥ ᠬᠠᠭᠤᠷᠠᠢ ᠳᠠᠷᠢᠶᠠᠨ ᠳᠤ ᠤᠰᠤᠨ ᠳᠤᠳᠤᠷᠭ᠎ᠠ ᠳᠤᠷᠰᠢᠨ ᠳᠠᠷᠢᠭᠠᠳ ᠢᠯᠡᠳᠲᠡ ᠠᠮᠵᠢᠯᠳᠠ ᠤᠯᠪᠠ᠂ ᠡᠨᠡ ᠵᠢᠯ ᠪᠠᠰᠠ 1500 ᠮᠥ ᠦᠷᠭᠡᠳᠭᠡᠨ ᠳᠠᠷᠢᠵᠠᠢ᠂ ᠤᠰᠤᠨ ᠳᠤᠳᠤᠷᠭ᠎ᠠ ᠶᠢ ᠬᠠᠭᠤᠷᠠᠶ ᠪᠠᠷ ᠲᠠᠷᠢᠪᠡᠯ ᠮᠦ ᠪᠦᠷᠢ ᠲᠡᠭᠡᠷ᠎ᠠ 300 ᠲᠥᠭᠦᠷᠢᠭ ᠠᠷᠪᠢᠯᠠᠨ᠎ᠠ᠃︾ ᠭᠡᠵᠦ ᠵᠠᠯᠠᠶᠢᠳ ᠬᠤᠰᠢᠭᠤᠨ ᠤ ᠴᠤᠤᠯ ᠶᠢᠨ ᠵᠦ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠫᠢᠶᠣᠣ ᠵᠧ ᠵᠢᠶᠦ᠋ᠨ ᠬᠡᠯᠡᠪᠡ᠃     ᠤᠶᠢᠯᠠᠭᠠᠭᠰᠠᠨ ᠢᠶᠠᠷ᠂ ᠡᠨᠡ ᠵᠢᠯ ᠵᠠᠯᠠᠶᠢᠳ ᠬᠤᠰᠢᠭᠤ 70 ᠲᠦᠮᠡᠨ ᠤᠰᠤᠨ ᠲᠤᠳᠤᠷᠭ᠎ᠠ ᠲᠠᠷᠢᠵᠦ᠂  ᠡᠭᠦᠨ  ᠳᠤ 2100 ᠮᠤ᠋ ᠶᠢ ᠬᠠᠭᠤᠷᠠᠢ ᠪᠠᠷ ᠲᠠᠷᠢᠭᠠᠳ ᠤᠳᠤ ᠪᠥᠬᠦ ᠬᠤᠰᠢᠭᠤᠨ ᠤ ᠤᠰᠤᠨ ᠲᠤᠲᠤᠷᠭ᠎ᠠ ᠳᠠᠷᠢᠬᠤ ᠠᠵᠢᠯ ᠢᠶᠠᠨ ᠪᠦᠬᠦᠨ ᠢ ᠳᠠᠭᠤᠰᠬᠠᠵᠠᠢ᠃  
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号