ᠵᠠᠯᠠᠶᠢᠳ ᠬᠤᠰᠢᠭᠤ ᠪᠥᠬᠦ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/24
     6 ᠰᠠᠷ᠎ᠠ ᠶᠢᠨ 21 ᠤ ᠡᠳᠦᠷ᠂ ᠵᠠᠯᠠᠶᠢᠳ ᠬᠤᠰᠢᠭᠤ ᠪᠥᠬᠦ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠦᠶᠡᠷ ᠢ ᠰᠡᠷᠭᠡᠶᠢᠯᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ᠬᠤᠷᠠᠯ ᠢ ᠡᠷᠭᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠵᠤ᠂ ᠦᠳᠲᠡᠷ ᠲᠦᠷᠭᠡᠨ ᠰᠡᠷᠡᠮᠵᠢ ᠲᠠᠢ ᠪᠠᠶᠢᠵᠤ᠂ ᠪᠠᠴᠢᠮ ᠶᠠᠭᠠᠷᠠᠯᠲᠠᠢ ᠠᠵᠢᠯᠯᠠᠵᠤ᠂ ᠵᠣᠬᠢᠶᠠᠨ ᠪᠠᠶᠢᠭᠤᠯᠬᠤ ᠪᠡᠯᠡᠳᠬᠡᠯ᠂ ᠮᠡᠷᠭᠡᠵᠢᠯ ᠤᠨ ᠪᠡᠯᠡᠳᠬᠡᠯ᠂ ᠡᠳ᠋ ᠪᠣᠳᠠᠰ ᠤᠨ ᠪᠡᠯᠡᠳᠬᠡᠯ᠂ ᠠᠵᠢᠯ ᠤᠨ ᠪᠡᠯᠡᠳᠬᠡᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠪᠣᠳᠣᠯᠬᠢᠯᠠᠵᠤ᠂ ᠤᠷᠢᠳᠴᠢᠯᠠᠨ ᠪᠡᠯᠡᠳᠬᠡᠯ ᠬᠢᠵᠦ᠂ ᠠᠵᠢᠯ ᠢ ᠤᠷᠢᠳᠠᠪᠠᠷ ᠬᠢᠬᠦ ᠬᠡᠷᠡᠭᠲᠡᠢ᠃ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠤᠳᠤ ᠶᠢᠨ ᠪᠠᠶᠢᠭ᠎ᠠ ᠡᠳ᠋ ᠪᠣᠳᠠᠰ ᠤᠨ ᠨᠠᠷᠢᠨ ᠲᠠᠩᠰᠠ ᠶᠢ ᠲᠣᠭᠠᠯᠠᠨ ᠪᠦᠷᠢᠳᠬᠡᠵᠦ᠂ ᠦᠶᠡᠷ ᠢ ᠰᠡᠷᠭᠡᠶᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ ᠴᠠᠭ ᠲᠤᠬᠠᠶ ᠳᠤᠨᠢ ᠨᠥᠬᠦᠪᠥᠷᠢᠯᠡᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠡᠭᠦᠯᠳᠡᠷᠵᠢᠭᠦᠯᠵᠦ᠂ ᠠᠪᠤᠷᠠᠨ ᠲᠤᠰᠠᠯᠠᠬᠤ ᠡᠩᠨᠡᠭᠡ ᠶᠢᠨ ᠲᠤᠰᠬᠠᠯ ᠪᠠ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠦᠶ᠎ᠡ ᠳᠤ ᠰᠢᠪᠲᠤᠯᠵᠤ ᠳᠡᠶᠢᠯᠬᠦ᠂ ᠢᠯᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠭᠡᠨᠡᠳᠲᠡ ᠡᠭᠦᠰᠬᠦ ᠴᠠᠭ ᠠᠭᠤᠷ ᠢ ᠰᠠᠶᠢᠳᠦᠷ ᠠᠩᠬᠠᠷᠴᠤ᠂ ᠪᠣᠷᠣᠭᠠᠨ ᠤ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠦᠶᠡᠷ ᠢ ᠰᠡᠷᠭᠡᠶᠢᠯᠡᠬᠦ ᠠᠵᠢᠯ ᠳᠤ ᠴᠠᠭ ᠲᠤᠬᠠᠶ ᠳᠤᠨᠢ ᠣᠨᠣᠪᠴᠢᠲᠠᠶ ᠲᠤᠭ᠎ᠠ ᠪᠠᠷᠢᠮᠲᠠ ᠶᠢᠨ ᠦᠨᠳᠦᠰᠦᠯᠡᠯ ᠬᠠᠩᠭᠠᠬᠤ ᠬᠡᠷᠡᠭᠲᠡᠶ᠃ ᠭᠤᠤᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠪᠠᠶᠢᠴᠠᠭᠠᠯᠲᠠ ᠪᠠ  ᠰᠣᠮᠣ ᠪᠠᠯᠭᠠᠰᠤᠨ ᠤ ᠠᠮᠠᠷᠬᠠᠨ ᠤᠰᠤᠲᠤᠬᠤ ᠭᠠᠵᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠳᠠᠯᠳᠠ ᠬᠡᠮ ᠢ ᠣᠯᠵᠤ ᠮᠡᠳᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠲᠦᠷᠭᠡᠨ ᠰᠢᠢᠳᠪᠤᠷᠢᠯᠡᠵᠤ᠂ ᠣᠯᠠᠨ ᠲᠦᠮᠡᠨ ᠤ ᠶᠠᠪᠤᠵᠤ ᠰᠠᠭᠤᠬᠤ᠂ ᠴᠠᠬᠢᠯᠭᠠᠨ ᠬᠡᠷᠡᠭᠯᠡᠬᠦ᠂ ᠴᠢᠮᠡᠭᠡ ᠨᠡᠪᠲᠡᠷᠡᠯᠭᠡ ᠵᠡᠷᠭᠡ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃ 24 ᠴᠠᠭ ᠢᠶᠠᠷ ᠵᠢᠵᠢᠭᠦᠷᠯᠡᠨ ᠰᠠᠬᠢᠬᠤ᠂ ᠤᠳᠤᠷᠢᠳᠤᠯᠭ᠎ᠠ ᠵᠢᠵᠢᠭᠦᠷ ᠳᠠᠭᠠᠭᠤᠯᠬᠤ ᠵᠡᠷᠭᠡ ᠠᠵᠢᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ 24 ᠴᠠᠭ ᠤᠨ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠠᠶᠤᠯ ᠲᠦᠭᠰᠢᠭᠦᠷᠢ ᠲᠣᠬᠢᠶᠠᠯᠳᠤᠪᠠᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠴᠠᠭ ᠲᠤᠬᠠᠢ ᠳᠤᠨᠢ ᠬᠥᠮᠦᠨ ᠤ ᠬᠦᠴᠦᠨ ᠢ ᠵᠣᠬᠢᠶᠠᠨ ᠪᠠᠶᠢᠭᠤᠯᠵᠤ ᠠᠶᠤᠯ ᠭᠠᠮᠰᠢᠭ ᠠᠴᠠ ᠠᠪᠤᠷᠠᠬᠤ ᠬᠡᠷᠡᠭᠲᠡᠢ᠃ ᠦᠶᠡᠷ ᠢ ᠰᠡᠷᠭᠡᠶᠢᠯᠡᠬᠦ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠤᠯᠠᠨ ᠲᠦᠮᠡᠨ ᠤ ᠰᠡᠷᠭᠡᠶᠢᠯᠡᠬᠦ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠶ᠃ ᠰᠢᠨᠵᠢᠯᠡᠬᠦ ᠤᠬᠠᠭᠠᠨᠴᠢ ᠠᠷᠭ᠎ᠠ ᠶᠢ ᠡᠷᠬᠢᠮᠯᠡᠵᠦ᠂ ᠪᠤᠰᠤᠳᠴᠢ ᠵᠢᠮ᠎ᠡ ᠶᠣᠰᠣ ᠶᠢ ᠬᠦᠨᠳᠦᠳᠭᠡᠨ᠂ ᠬᠤᠰᠢᠭᠤ᠂ ᠰᠣᠮᠣ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠦᠶᠡᠷ ᠢ ᠰᠡᠷᠭᠡᠶᠢᠯᠡᠬᠦ ᠠᠵᠢᠯ ᠤᠨ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠵᠦᠢᠯ ᠤᠨ ᠦᠶᠡᠷ ᠢ ᠰᠡᠷᠭᠡᠶᠢᠯᠡᠬᠦ ᠠᠵᠢᠯ ᠢ ᠨᠠᠷᠢᠯᠢᠭ ᠬᠢᠵᠦ᠂ ᠯᠠᠪᠳᠠᠭᠤᠨ ᠪᠠᠲᠤᠲᠠᠶ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃    
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号