ᠪᠠᠳᠠᠷᠠᠬᠤ ᠪᠠᠯᠭᠠᠰᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25
      ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤ ᠬᠤᠷᠠᠯ ᠬᠤᠷᠠᠯᠳᠤᠭᠤᠯᠵᠤ᠂ ᠬᠤᠷᠠᠯ ᠠᠴᠠ ᠠᠶᠢᠮᠠᠭ ᠬᠤᠰᠢᠭᠤ ᠬᠤᠶᠠᠷ ᠱᠠᠲᠤᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ  ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠪᠣᠯᠤᠨ ᠭᠤᠷᠢᠳᠠᠬᠤ ᠪᠤᠳᠤᠯ ᠢ ᠲᠡᠪᠴᠢᠵᠦ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠦᠶᠡᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠡᠳ᠋ ᠪᠣᠳᠠᠰ ᠵᠢᠴᠢ ᠬᠥᠮᠦᠰ ᠢ ᠳᠣᠭᠢᠷᠠᠭᠤᠯᠬᠤ ᠠᠵᠢᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠠᠶᠤᠯᠲᠠᠶ ᠬᠡᠰᠡᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠪᠥᠬᠦ ᠪᠠᠯᠭᠠᠰᠤᠨ ᠤ ᠭᠤᠤᠯ ᠮᠥᠷᠡᠨ ᠤ ᠳᠡᠭᠡᠳᠦ ᠳᠣᠤᠷᠠᠳᠤ ᠤᠷᠤᠰᠬᠠᠯ᠂ ᠵᠠᠮ᠂ ᠬᠥᠭᠦᠷᠭᠡ ᠶᠢᠨ ᠭᠤᠯᠳᠤᠩ᠂ ᠠᠮᠠᠷᠬᠠᠨ  ᠦᠶᠡᠷ ᠤᠰᠠᠳᠤᠯ ᠭᠠᠷᠬᠤ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠦᠶᠡᠷ ᠵᠠᠯᠠᠬᠤ ᠵᠠᠮ ᠢ ᠰᠠᠭᠠᠳ ᠥᠬᠡᠶ ᠨᠡᠪᠲᠡᠷᠡᠭᠦᠯᠵᠦ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠳᠠᠯᠳᠠ ᠬᠡᠮ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠬᠠᠭᠤᠯᠵᠤ ᠲᠠᠶᠢᠴᠢᠯᠠᠨ ᠵᠢᠯᠣᠭᠤᠳᠬᠤ ᠪᠠᠨ ᠴᠢᠩᠭᠠᠳᠬᠠᠵᠤ᠂ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠵᠦ ᠠᠶᠤᠯ ᠠᠴᠠ ᠵᠠᠶᠢᠯᠠᠬᠤ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠠᠴᠠ ᠵᠠᠶᠢᠯᠠᠬᠤ ᠤᠬᠠᠮᠰᠠᠷ ᠪᠠ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠠᠨᠢᠯᠲᠠ ᠪᠠᠨ ᠪᠣᠳᠠᠲᠠᠶᠢᠵᠢᠭᠤᠯᠵᠤ᠂ ᠪᠡᠯᠡᠳᠬᠡᠯ ᠠᠵᠢᠯ ᠢ ᠪᠣᠳᠠᠲᠠᠶᠢᠵᠢᠭᠤᠯᠵᠤ᠂ ᠠᠵᠢᠯᠯᠠᠭ᠎ᠠ ᠶᠢ ᠪᠣᠳᠠᠲᠠᠶᠢᠵᠢᠭᠤᠯᠵᠤ᠂ ᠭᠠᠩ ᠲᠠᠢ ᠲᠡᠮᠡᠴᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠪᠠᠰᠠ ᠬᠥᠮᠦᠰ ᠤᠨ ᠣᠷᠣᠰᠢᠨ ᠰᠠᠭᠤᠷᠢᠰᠢᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ᠂ ᠨᠤᠲᠤᠭ ᠪᠡᠯᠴᠢᠭᠡᠷ ᠲᠤ ᠬᠡᠳᠦ ᠪᠡᠯᠴᠢᠭᠡᠷᠯᠡᠭᠦᠯᠬᠦ ᠠᠰᠠᠭᠤᠳᠠᠯ ᠤᠨ ᠲᠤᠬᠠᠢ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ᠂ ᠭᠠᠵᠠᠷ ᠰᠢᠷᠣᠢ ᠨᠤᠲᠤᠭ ᠪᠡᠯᠴᠢᠭᠡᠷ ᠤᠨ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ᠂ ᠬᠠᠮᠢᠶ᠎ᠠ ᠪᠥᠬᠦᠶ ᠠᠯᠪᠠᠨ ᠬᠡᠷ ᠵᠢᠴᠢ ᠲᠣᠮᠢᠯᠠᠨ ᠰᠠᠭᠤᠭ᠎ᠠ ᠨᠢᠭᠡᠴᠢ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃    
 
ᠢᠷᠡᠯᠲᠡ᠄ ᠪᠠᠳᠠᠷᠠᠬᠤ ᠪᠠᠯᠭᠠᠰᠣᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号