ᠬᠤᠯᠪᠣᠭ᠎ᠠ ᠪᠠᠯᠭᠠᠰᠣ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/25
            ᠤᠶᠢᠷ᠎ᠠ ᠳᠤ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠪᠣᠣ ᠳ᠋ᠧ ᠹᠦ᠋ ᠲᠣᠰᠬᠤᠨ ᠤ ᠰᠣᠶᠣᠯ ᠤᠨ ᠠᠭᠤᠳᠠᠮ ᠲᠠᠯᠠᠪᠠᠢ ᠳᠤ᠂ ᠬᠤᠯᠪᠣᠭ᠎ᠠ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠬᠠᠷᠢᠶ᠎ᠠ ᠣᠷᠣᠨ ᠤ ᠪᠠᠨ ᠬᠡᠰᠡᠭ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠠᠵᠢᠯᠲᠠᠳ ᠢ ᠵᠣᠬᠢᠶᠠᠨ ᠪᠠᠶᠢᠭᠤᠯᠤᠭᠠᠳ‌ᠬᠤᠰᠢᠭᠤᠨ ᠤ 8 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠭᠠᠷᠠᠭ ᠵᠢᠴᠢ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ  ᠃ ᠲᠤᠰ ᠣᠳᠠᠭᠠᠨ ᠤ ᠠᠵᠢᠯᠯᠠᠭ᠎ᠠ ᠳᠤ ᠨᠡᠶᠢᠲᠡ150 ᠭᠠᠷᠤᠢ ᠤᠯᠠᠨ ᠲᠦᠮᠡᠨ ᠣᠷᠣᠯᠴᠠᠵᠠᠢ᠃     ᠲᠤᠰ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠮᠴᠢᠯᠡᠭᠡᠨ ᠤ ᠠᠵᠢᠯᠲᠠᠳ ᠣᠯᠠᠨ ᠲᠦᠮᠡᠨ ᠤ ᠴᠢᠰᠤᠨ ᠳᠠᠷᠤᠯᠲᠠ ᠪᠠ ᠴᠢᠰᠤᠨ ᠰᠢᠬᠢᠷ ᠢ ᠬᠡᠮᠵᠢᠬᠦ᠂ ᠰᠤᠳᠠᠯ ᠪᠠᠷᠢᠵᠤ ᠡᠪᠡᠳᠴᠢᠨ ᠣᠨᠣᠰᠢᠯᠠᠬᠤ᠂ ᠹᠢᠽᠢᠺ ᠵᠠᠰᠠᠯ ᠤᠨ ᠢᠯᠢᠬᠦ ᠦᠢᠯᠡᠴᠢᠯᠡᠭᠡ ᠵᠡᠷᠭᠡ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠲᠡᠳᠠᠨᠠᠷ ᠲᠤ ᠡᠯ᠎ᠡ ᠲᠥᠷᠥᠯ ᠤᠨ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠤᠨ ᠲᠤᠬᠠᠢ ᠤᠬᠠᠭᠤᠯᠵᠠᠢ᠃  ᠪᠠᠰᠠ ᠲᠡᠳᠡᠨᠠᠷ ᠤᠨ ᠠᠮᠤᠷ ᠲᠦᠪᠰᠢᠨ ᠢᠶᠠᠷ ᠵᠦᠶ ᠵᠣᠬᠢᠰᠲᠠᠶ ᠡᠮ ᠬᠡᠷᠡᠭᠯᠡᠬᠦ ᠵᠢᠴᠢ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠡᠷᠡᠭᠦᠯ ᠬᠠᠮᠠᠭᠠᠯᠠᠯ ᠤᠨ ᠠᠩᠬᠠᠷᠬᠤ ᠵᠦᠢᠯᠡᠰ ᠢ  ᠲᠠᠶᠢᠯᠪᠤᠷᠢᠯᠠᠨ ᠦᠭᠴᠡᠢ᠃    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠲᠤᠬᠠᠶ ᠶᠢᠨ ᠭᠠᠵᠠᠷ ᠤᠨ ᠣᠯᠠᠨ ᠲᠦᠮᠡᠨ ᠳᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠲᠤᠬᠠᠶ ᠶᠢᠨ ᠭᠠᠵᠠᠷ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠪᠠ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠂ ᠬᠤᠯᠪᠤᠭ᠎ᠠ ᠪᠠᠯᠭᠠᠰᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠢ ᠲᠠᠶᠢᠴᠢᠯᠠᠨ ᠵᠢᠯᠣᠭᠤᠳᠴᠤ ᠪᠠᠶᠢᠭᠠᠳ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠡᠷᠡᠭᠦᠯ ᠴᠢᠭᠢᠷᠠᠭ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠡᠶ᠎ᠡ ᠵᠣᠬᠢᠴᠠᠩᠭᠤᠢ ᠣᠷᠴᠢᠨ ᠲᠣᠭᠤᠷᠢᠨ ᠢ ᠬᠠᠮᠲᠤᠪᠠᠷ ᠪᠦᠳᠦᠭᠡᠨ ᠪᠠᠶᠢᠭᠤᠯᠤᠨ᠎ᠠ᠃
 
ᠢᠷᠡᠯᠲᠡ᠄ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号