| ᠤᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠨᠤᠳᠤᠭ ᠪᠡᠯᠴᠢᠭᠡᠷ ᠮᠠᠯ | ᠠᠵᠤ ᠠᠬᠤᠢ ᠶᠢᠨ ᠬᠦᠭᠵᠢᠯᠳᠠ ᠶᠢ ᠬᠤᠪᠢᠷᠠᠭᠤᠯᠬᠤ ᠠᠷᠭ᠎ᠠ ᠠᠪᠴᠠᠯ ᠢ ᠲᠡᠷᠢᠬᠦᠨ ᠪᠠᠶᠢᠷᠢᠨ ᠳᠤ ᠲᠠᠯᠪᠢᠵᠤ᠂ | ᠨᠤᠭᠤᠭᠠᠷᠠᠭᠤᠯᠤᠯᠳᠠ ᠬᠢᠬᠦ ᠪᠠ ᠪᠠᠶᠠᠵᠢᠭᠤᠯᠬᠤ ᠶᠢᠨ ᠲᠤᠭᠤᠷᠢᠨ ᠳᠤ᠂ ᠬᠡᠳᠤᠷᠡᠳᠡᠯ᠎ᠠ ᠪᠡᠯᠴᠢᠭᠡᠷᠯᠡᠬᠦᠯᠬᠦ ᠠᠰᠠᠭᠤᠳᠠᠯ ᠢ | ᠬᠦᠴᠤᠯᠡᠨ ᠰᠶᠢᠳᠪᠤᠷᠢᠯᠡᠵᠤ᠂ ᠠᠮᠢ ᠠᠬᠤᠢ ᠪᠠᠷ ᠤᠷᠢᠳᠠᠯ ᠪᠤᠯᠭᠠᠭᠰᠠᠨ᠂ ᠪᠤᠬᠢᠷᠳᠤᠯ ᠦᠭᠡᠢ ᠬᠦᠭᠵᠢᠯᠳᠠ ᠪᠠᠷ | ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠡᠷᠢᠯᠬᠢᠯᠡᠪᠡ᠃ | ᠵᠤᠨ ᠤ ᠡᠬᠢᠨ ᠢᠶᠠᠷ ᠲᠡᠮᠡᠭᠡᠴᠢ ᠪᠠᠯᠭᠠᠰᠤᠨ ᠳᠤ ᠬᠦᠷᠪᠡᠯ ᠭᠠᠵᠠᠷ ᠪᠤᠯᠭᠠᠨ ᠳᠤ ᠠᠮᠢᠵᠢᠷᠠᠯ ᠤᠨ ᠬᠦᠴᠤᠨ ᠢᠶᠠᠷ | ᠪᠢᠯᠬᠠᠨ᠎ᠠ᠃ ᠲᠡᠮᠡᠭᠡᠴᠢ ᠪᠠᠯᠭᠠᠰᠤ ᠨᠢ ᠵᠠᠯᠠᠶᠢᠳ ᠬᠤᠰᠢᠭᠤᠨ ᠤ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠢ | ᠰᠡᠷᠬᠦᠭᠡᠬᠦ ᠭᠠᠵᠠᠷ ᠤᠷᠤᠨ ᠤ ᠨᠢᠭᠡ ᠪᠤᠯᠤᠭᠰᠠᠨ ᠤ ᠬᠤᠪᠢ ᠳᠤ᠂ ᠪᠡᠯᠴᠢᠭᠡᠷᠯᠡᠬᠦᠯᠬᠦ ᠦᠭᠡᠢ ᠱᠠᠭᠠᠷᠳᠠᠯᠭ᠎ᠠ ᠶᠢ ᠡᠷᠡᠰ | ᠲᠤᠭᠤᠰᠢᠯᠠᠭᠤᠯᠵᠤ ᠪᠤᠢ᠃ ᠦᠷᠯᠤᠭᠡ ᠪᠦᠷᠢ ᠪᠠᠯᠭᠠᠰᠤ ᠲᠤᠰᠬᠤᠨ ᠬᠤᠶᠠᠷ ᠱᠠᠳᠤᠨ ᠤ ᠠᠵᠢᠯᠳᠠᠨ ᠠᠴᠠ ᠡᠷᠤᠬᠡ ᠪᠠᠷ | ᠬᠦᠨᠵᠡᠭᠡᠶᠢᠷᠡᠨ ᠲᠡᠳᠠᠨᠠᠷ ᠲᠤ ᠬᠠᠥᠯᠢ ᠲᠦᠷᠢᠮ ᠬᠡᠷᠡᠭᠵᠢᠬᠦᠯᠬᠦ ᠪᠠᠷᠢᠮᠵᠢᠶ᠎ᠠ ᠶᠢ ᠤᠬᠠᠭᠤᠯᠵᠤ᠂ ᠬᠦᠯᠡᠮᠵᠢ ᠬᠠᠰᠢᠶ᠎ᠠ ᠶᠢᠨ | ᠨᠦᠬᠦᠪᠤᠷᠢ ᠦᠭᠬᠦ ᠵᠡᠷᠭᠡ ᠬᠠᠮᠢᠶ᠎ᠠ ᠪᠦᠬᠦᠢ ᠲᠦᠷᠥ ᠶᠢᠨ ᠪᠤᠳᠤᠯᠭ᠎ᠠ ᠶᠢ ᠲᠠᠶᠢᠯᠪᠤᠷᠢᠯᠠᠨ᠂ ᠪᠡᠯᠴᠢᠭᠡᠷᠯᠡᠬᠦᠯᠬᠦ ᠶᠢ | ᠵᠤᠭᠰᠤᠭᠠᠬᠤ ᠶᠢ ᠱᠠᠳᠤ ᠱᠠᠳᠤ ᠪᠠᠷ ᠲᠤᠰᠬᠤᠨ ᠤ ᠠᠷᠠᠳ ᠲᠤ ᠤᠬᠠᠭᠤᠯᠵᠤ ᠪᠠᠶᠢᠨ᠎ᠠ᠃ | ᠤᠶᠢᠷ᠎ᠠ ᠶᠢᠨ ᠬᠡᠳᠤᠨ ᠡᠳᠤᠷ᠂ ᠲᠡᠮᠡᠭᠡᠴᠢ ᠪᠠᠯᠭᠠᠰᠤᠨ ᠤ ᠤᠶᠠᠭ᠎ᠠ ᠭᠠᠴᠠᠭᠠᠨ ᠤ ᠲᠤᠰᠬᠤᠨ ᠤ ᠠᠷᠠᠳ ᠤᠨ | ᠬᠠᠰᠢᠶᠠᠨ ᠳᠤ᠂ ᠴᠢᠳᠠᠪᠬᠢ ᠪᠦᠷᠢᠨ ᠲᠦᠬᠦᠷ᠂ ᠲᠦᠬᠦᠭᠡᠷᠤᠮᠵᠢ ᠲᠡᠬᠦᠯᠳᠡᠷᠵᠢᠭᠰᠡᠨ ᠤᠳᠤᠬᠢᠴᠢᠯᠠᠭᠰᠠᠨ ᠲᠡᠵᠢᠭᠡᠨ | ᠦᠷᠡᠵᠢᠬᠦᠯᠬᠦ ᠬᠦᠷᠢᠶ᠎ᠠ ᠬᠠᠰᠢᠶ᠎ᠠ ᠪᠠᠶᠢᠭᠤᠯᠤᠭᠳᠠᠵᠤ᠂ ᠦᠷᠭᠡᠨ ᠤᠯᠠᠨ ᠲᠡᠵᠢᠭᠡᠨ ᠦᠷᠡᠵᠢᠬᠦᠯᠬᠦ ᠡᠷᠤᠬᠡ ᠨᠢ ᠰᠢᠨ᠎ᠠ | ᠬᠦᠷᠢᠶ᠎ᠠ ᠬᠠᠰᠢᠶ᠎ᠠ ᠪᠠᠨ ᠦᠵᠡᠭᠡᠳ ᠪᠠᠶᠠᠷᠯᠠᠬᠤ ᠶᠢᠨ ᠬᠠᠮᠳᠤ᠂ ᠨᠠᠮ ᠪᠠ ᠵᠠᠰᠠᠭ ᠤᠨ ᠤᠷᠳᠤᠨ ᠤ ᠬᠠᠷᠠᠭᠠᠯᠵᠠᠯ ᠤᠨ | ᠲᠦᠷᠥ ᠶᠢᠨ ᠪᠤᠳᠤᠯᠭ᠎ᠠ ᠳᠤ ᠲᠠᠯᠠᠷᠬᠠᠯ ᠤᠨ ᠰᠡᠳᠬᠢᠯᠭᠡ ᠪᠠᠨ ᠢᠯᠡᠳᠭᠡᠨ᠎ᠠ᠃ ︽ᠤᠳᠤᠬᠠᠨ ᠳᠤ᠂ ᠪᠢᠳᠠᠨ ᠤ | ᠬᠦᠷᠢᠶ᠎ᠠ ᠬᠠᠰᠢᠶ᠎ᠠ ᠨᠦᠬᠦᠪᠤᠷᠢ ᠲᠠᠢ᠂ ᠮᠠᠯ ᠲᠡᠵᠢᠭᠡᠬᠦ ᠲᠦᠬᠦᠭᠡᠷᠤᠮᠵᠢ᠂ ᠵᠢᠭᠤᠷᠠᠬᠤ ᠮᠠᠰᠢᠨ᠂ ᠤᠳᠬᠤᠭᠤᠷ ᠲᠡᠷᠭᠡ | ᠬᠤᠳᠠᠯᠳᠤᠨ ᠠᠪᠬᠤ ᠳᠤ ᠨᠦᠬᠦᠪᠤᠷᠢ ᠲᠠᠢ ᠪᠠᠶᠢᠵᠤ᠂ ᠪᠢᠳᠠ ᠮᠠᠯ ᠲᠡᠵᠢᠭᠡᠬᠦ ᠳᠤ ᠨᠡᠩ ᠢᠳᠡᠭᠡᠯ ᠲᠠᠢ ᠪᠤᠯᠵᠤ᠂ | ᠮᠠᠯ ᠢᠶᠠᠨ ᠰᠠᠶᠢᠳᠤᠷ ᠲᠡᠵᠢᠭᠡᠪᠡᠯ ᠠᠮᠢᠳᠤᠷᠠᠯ ᠡᠳᠤᠷ ᠠᠴᠠ ᠡᠳᠤᠷ ᠰᠠᠶᠢᠵᠢᠷᠠᠬᠤ ᠪᠤᠯᠤᠨ᠎ᠠ︾ ᠭᠡᠵᠤ ᠵᠠᠯᠠᠶᠢᠳ | ᠬᠤᠰᠢᠭᠤᠨ ᠤ ᠲᠡᠮᠡᠭᠡᠴᠢ ᠪᠠᠯᠭᠠᠰᠤᠨ ᠤ ᠤᠶᠠᠭ᠎ᠠ ᠭᠠᠴᠠᠭᠠᠨ ᠤ ᠲᠡᠵᠢᠭᠡᠨ ᠦᠷᠡᠵᠢᠬᠦᠯᠬᠦ ᠡᠷᠤᠬᠡ ᠴᠧᠨ ᠬᠦᠭᠵᠢᠯᠳᠤ | ᠶᠠᠷᠢᠨ᠎ᠠ᠃ | ᠵᠠᠯᠠᠶᠢᠳ ᠬᠤᠰᠢᠭᠤᠨ ᠤ ᠲᠡᠳ᠋ ᠪᠠᠯᠭᠠᠰᠤᠨ ᠲᠠᠷᠤᠭ᠎ᠠ ᠴᠠᠩ ᠯᠢ᠄ ︽ᠪᠢᠳᠠ ᠨᠢᠭᠡ ᠲᠠᠯ᠎ᠠ ᠪᠠᠷ ᠪᠠᠯᠭᠠᠰᠤ᠂ | ᠲᠤᠰᠬᠤᠨ ᠤ ᠬᠤᠶᠠᠷ ᠱᠠᠳᠤᠨ ᠤ ᠬᠠᠥᠯᠢ ᠬᠡᠷᠡᠭᠵᠢᠬᠦᠯᠬᠦ ᠡᠩᠨᠡᠭᠡ ᠪᠠᠷ ᠲᠠᠮᠵᠢᠨ ᠤᠬᠠᠭᠤᠯᠭ᠎ᠠ ᠬᠢᠵᠤ᠂ ᠲᠤᠭᠤᠷᠢᠨ | ᠪᠠᠶᠢᠴᠠᠭᠠᠬᠤ ᠬᠦᠴᠤᠯᠡᠴᠠ ᠪᠠᠨ ᠨᠡᠮᠡᠭᠳᠡᠬᠦᠯᠵᠤ᠂ ᠬᠤᠯᠠᠭᠠᠶᠢᠴᠢ ᠪᠠᠷ ᠪᠠᠯᠴᠢᠭᠡᠷᠯᠡᠬᠦᠯᠬᠦ ᠪᠠ ᠮᠠᠯᠵᠢᠬᠤ ᠠᠰᠠᠭᠤᠳᠠᠯ ᠢ | ᠰᠶᠢᠳᠪᠤᠷᠢᠯᠡᠪᠡ︔ ᠨᠦᠬᠦᠭᠡ ᠲᠠᠯ᠎ᠠ ᠪᠠᠷ ᠪᠢᠳᠠ ᠲᠡᠵᠢᠭᠡᠨ ᠦᠷᠡᠵᠢᠬᠦᠯᠬᠦ ᠡᠷᠤᠬᠡ ᠶᠢᠨ ᠡᠪᠡᠰᠤ ᠪᠤᠷᠳᠤᠭ᠎ᠠ ᠬᠦᠢᠴᠡᠳ | ᠪᠤᠰᠤ ᠮᠠᠰᠢᠨ ᠲᠦᠬᠦᠭᠡᠷᠤᠮᠵᠢ ᠲᠡᠬᠦᠯᠳᠡᠷ ᠪᠤᠰᠤ ᠠᠰᠠᠭᠤᠳᠠᠯ ᠢ ᠰᠶᠢᠳᠪᠤᠷᠢᠯᠡᠨ᠂ ᠬᠤᠨᠢ ᠮᠠᠯ ᠳᠡᠵᠢᠭᠡᠬᠦ ᠬᠠᠮᠢᠶ᠎ᠠ | ᠪᠦᠬᠦᠢ ᠠᠰᠠᠭᠤᠳᠠᠯ ᠳᠤ ᠪᠤᠳᠠᠳᠠᠢ ᠬᠠᠷᠠᠭᠠᠯᠵᠠᠯ ᠤᠨ ᠲᠦᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠡᠯᠴᠢᠭᠡᠷ ᠢ | ᠰᠡᠷᠬᠦᠭᠡᠭᠰᠡᠨ ᠤ ᠬᠠᠮᠳᠤ ᠲᠡᠵᠢᠭᠡᠨ ᠦᠷᠡᠵᠢᠬᠦᠯᠬᠦ ᠡᠷᠤᠬᠡ ᠶᠢᠨ ᠦᠢᠯᠡᠳᠪᠤᠷᠢᠯᠡᠯ ᠢ ᠬᠦᠭᠵᠢᠬᠦᠯᠵᠤ᠂ ᠠᠮᠢ | ᠠᠬᠤᠢ ᠶᠢᠨ ᠦᠷ᠎ᠠ ᠠᠰᠢᠭ ᠪᠠ ᠦᠢᠯᠡᠳᠪᠤᠷᠢᠯᠡᠯ ᠤᠨ ᠦᠷ᠎ᠠ ᠠᠰᠢᠭ ᠤᠨ ᠬᠤᠤᠰ ᠢᠯᠠᠯᠳᠠ ᠶᠢ ᠪᠡᠶᠡᠯᠡᠬᠦᠯᠵᠤ | ᠴᠢᠳᠠᠵᠠᠢ︾ ᠭᠡᠪᠠ᠃ ︵ᠴᠤᠯᠮᠤᠨ ᠸᠧᠨ ᠰᠢᠩ︶ | | |