ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠤᠯᠠᠨ ᠠᠷᠭ᠎ᠠ ᠠᠪᠴᠠᠯ ᠢᠶᠠᠷ ᠨᠤᠭᠤᠭᠠᠷᠠᠭᠤᠯᠤᠯᠳᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/6/25
    ᠤᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠨᠤᠳᠤᠭ ᠪᠡᠯᠴᠢᠭᠡᠷ ᠮᠠᠯ ᠠᠵᠤ ᠠᠬᠤᠢ ᠶᠢᠨ ᠬᠦᠭᠵᠢᠯᠳᠠ ᠶᠢ ᠬᠤᠪᠢᠷᠠᠭᠤᠯᠬᠤ ᠠᠷᠭ᠎ᠠ ᠠᠪᠴᠠᠯ ᠢ ᠲᠡᠷᠢᠬᠦᠨ ᠪᠠᠶᠢᠷᠢᠨ ᠳᠤ ᠲᠠᠯᠪᠢᠵᠤ᠂ ᠨᠤᠭᠤᠭᠠᠷᠠᠭᠤᠯᠤᠯᠳᠠ ᠬᠢᠬᠦ ᠪᠠ ᠪᠠᠶᠠᠵᠢᠭᠤᠯᠬᠤ ᠶᠢᠨ ᠲᠤᠭᠤᠷᠢᠨ ᠳᠤ᠂ ᠬᠡᠳᠤᠷᠡᠳᠡᠯ᠎ᠠ ᠪᠡᠯᠴᠢᠭᠡᠷᠯᠡᠬᠦᠯᠬᠦ ᠠᠰᠠᠭᠤᠳᠠᠯ ᠢ ᠬᠦᠴᠤᠯᠡᠨ ᠰᠶᠢᠳᠪᠤᠷᠢᠯᠡᠵᠤ᠂ ᠠᠮᠢ ᠠᠬᠤᠢ ᠪᠠᠷ ᠤᠷᠢᠳᠠᠯ ᠪᠤᠯᠭᠠᠭᠰᠠᠨ᠂ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠡᠷᠢᠯᠬᠢᠯᠡᠪᠡ᠃    ᠵᠤᠨ ᠤ ᠡᠬᠢᠨ ᠢᠶᠠᠷ ᠲᠡᠮᠡᠭᠡᠴᠢ ᠪᠠᠯᠭᠠᠰᠤᠨ ᠳᠤ ᠬᠦᠷᠪᠡᠯ ᠭᠠᠵᠠᠷ ᠪᠤᠯᠭᠠᠨ ᠳᠤ ᠠᠮᠢᠵᠢᠷᠠᠯ ᠤᠨ ᠬᠦᠴᠤᠨ ᠢᠶᠠᠷ ᠪᠢᠯᠬᠠᠨ᠎ᠠ᠃ ᠲᠡᠮᠡᠭᠡᠴᠢ ᠪᠠᠯᠭᠠᠰᠤ ᠨᠢ ᠵᠠᠯᠠᠶᠢᠳ ᠬᠤᠰᠢᠭᠤᠨ ᠤ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠢ ᠰᠡᠷᠬᠦᠭᠡᠬᠦ ᠭᠠᠵᠠᠷ ᠤᠷᠤᠨ ᠤ ᠨᠢᠭᠡ ᠪᠤᠯᠤᠭᠰᠠᠨ ᠤ ᠬᠤᠪᠢ ᠳᠤ᠂ ᠪᠡᠯᠴᠢᠭᠡᠷᠯᠡᠬᠦᠯᠬᠦ ᠦᠭᠡᠢ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ ᠪᠤᠢ᠃ ᠦᠷᠯᠤᠭᠡ ᠪᠦᠷᠢ ᠪᠠᠯᠭᠠᠰᠤ ᠲᠤᠰᠬᠤᠨ ᠬᠤᠶᠠᠷ ᠱᠠᠳᠤᠨ ᠤ ᠠᠵᠢᠯᠳᠠᠨ ᠠᠴᠠ ᠡᠷᠤᠬᠡ ᠪᠠᠷ ᠬᠦᠨᠵᠡᠭᠡᠶᠢᠷᠡᠨ ᠲᠡᠳᠠᠨᠠᠷ ᠲᠤ ᠬᠠᠥᠯᠢ ᠲᠦᠷᠢᠮ ᠬᠡᠷᠡᠭᠵᠢᠬᠦᠯᠬᠦ ᠪᠠᠷᠢᠮᠵᠢᠶ᠎ᠠ ᠶᠢ ᠤᠬᠠᠭᠤᠯᠵᠤ᠂ ᠬᠦᠯᠡᠮᠵᠢ ᠬᠠᠰᠢᠶ᠎ᠠ ᠶᠢᠨ ᠨᠦᠬᠦᠪᠤᠷᠢ ᠦᠭᠬᠦ ᠵᠡᠷᠭᠡ ᠬᠠᠮᠢᠶ᠎ᠠ ᠪᠦᠬᠦᠢ ᠲᠦᠷᠥ ᠶᠢᠨ ᠪᠤᠳᠤᠯᠭ᠎ᠠ ᠶᠢ ᠲᠠᠶᠢᠯᠪᠤᠷᠢᠯᠠᠨ᠂ ᠪᠡᠯᠴᠢᠭᠡᠷᠯᠡᠬᠦᠯᠬᠦ ᠶᠢ ᠵᠤᠭᠰᠤᠭᠠᠬᠤ ᠶᠢ ᠱᠠᠳᠤ ᠱᠠᠳᠤ ᠪᠠᠷ ᠲᠤᠰᠬᠤᠨ ᠤ ᠠᠷᠠᠳ ᠲᠤ ᠤᠬᠠᠭᠤᠯᠵᠤ ᠪᠠᠶᠢᠨ᠎ᠠ᠃     ᠤᠶᠢᠷ᠎ᠠ ᠶᠢᠨ ᠬᠡᠳᠤᠨ ᠡᠳᠤᠷ᠂ ᠲᠡᠮᠡᠭᠡᠴᠢ ᠪᠠᠯᠭᠠᠰᠤᠨ ᠤ ᠤᠶᠠᠭ᠎ᠠ ᠭᠠᠴᠠᠭᠠᠨ ᠤ ᠲᠤᠰᠬᠤᠨ ᠤ ᠠᠷᠠᠳ ᠤᠨ ᠬᠠᠰᠢᠶᠠᠨ ᠳᠤ᠂ ᠴᠢᠳᠠᠪᠬᠢ ᠪᠦᠷᠢᠨ ᠲᠦᠬᠦᠷ᠂ ᠲᠦᠬᠦᠭᠡᠷᠤᠮᠵᠢ ᠲᠡᠬᠦᠯᠳᠡᠷᠵᠢᠭᠰᠡᠨ ᠤᠳᠤᠬᠢᠴᠢᠯᠠᠭᠰᠠᠨ ᠲᠡᠵᠢᠭᠡᠨ ᠦᠷᠡᠵᠢᠬᠦᠯᠬᠦ ᠬᠦᠷᠢᠶ᠎ᠠ ᠬᠠᠰᠢᠶ᠎ᠠ ᠪᠠᠶᠢᠭᠤᠯᠤᠭᠳᠠᠵᠤ᠂ ᠦᠷᠭᠡᠨ ᠤᠯᠠᠨ ᠲᠡᠵᠢᠭᠡᠨ ᠦᠷᠡᠵᠢᠬᠦᠯᠬᠦ ᠡᠷᠤᠬᠡ ᠨᠢ ᠰᠢᠨ᠎ᠠ ᠬᠦᠷᠢᠶ᠎ᠠ ᠬᠠᠰᠢᠶ᠎ᠠ ᠪᠠᠨ ᠦᠵᠡᠭᠡᠳ ᠪᠠᠶᠠᠷᠯᠠᠬᠤ ᠶᠢᠨ ᠬᠠᠮᠳᠤ᠂ ᠨᠠᠮ ᠪᠠ ᠵᠠᠰᠠᠭ ᠤᠨ ᠤᠷᠳᠤᠨ ᠤ ᠬᠠᠷᠠᠭᠠᠯᠵᠠᠯ ᠤᠨ ᠲᠦᠷᠥ ᠶᠢᠨ ᠪᠤᠳᠤᠯᠭ᠎ᠠ ᠳᠤ ᠲᠠᠯᠠᠷᠬᠠᠯ ᠤᠨ ᠰᠡᠳᠬᠢᠯᠭᠡ ᠪᠠᠨ ᠢᠯᠡᠳᠭᠡᠨ᠎ᠠ᠃ ︽ᠤᠳᠤᠬᠠᠨ ᠳᠤ᠂ ᠪᠢᠳᠠᠨ ᠤ ᠬᠦᠷᠢᠶ᠎ᠠ ᠬᠠᠰᠢᠶ᠎ᠠ ᠨᠦᠬᠦᠪᠤᠷᠢ ᠲᠠᠢ᠂ ᠮᠠᠯ ᠲᠡᠵᠢᠭᠡᠬᠦ ᠲᠦᠬᠦᠭᠡᠷᠤᠮᠵᠢ᠂ ᠵᠢᠭᠤᠷᠠᠬᠤ ᠮᠠᠰᠢᠨ᠂ ᠤᠳᠬᠤᠭᠤᠷ ᠲᠡᠷᠭᠡ ᠬᠤᠳᠠᠯᠳᠤᠨ ᠠᠪᠬᠤ ᠳᠤ ᠨᠦᠬᠦᠪᠤᠷᠢ ᠲᠠᠢ ᠪᠠᠶᠢᠵᠤ᠂ ᠪᠢᠳᠠ ᠮᠠᠯ ᠲᠡᠵᠢᠭᠡᠬᠦ ᠳᠤ ᠨᠡᠩ ᠢᠳᠡᠭᠡᠯ ᠲᠠᠢ ᠪᠤᠯᠵᠤ᠂ ᠮᠠᠯ ᠢᠶᠠᠨ ᠰᠠᠶᠢᠳᠤᠷ ᠲᠡᠵᠢᠭᠡᠪᠡᠯ ᠠᠮᠢᠳᠤᠷᠠᠯ ᠡᠳᠤᠷ ᠠᠴᠠ ᠡᠳᠤᠷ ᠰᠠᠶᠢᠵᠢᠷᠠᠬᠤ ᠪᠤᠯᠤᠨ᠎ᠠ︾ ᠭᠡᠵᠤ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤᠨ ᠤ ᠤᠶᠠᠭ᠎ᠠ ᠭᠠᠴᠠᠭᠠᠨ ᠤ ᠲᠡᠵᠢᠭᠡᠨ ᠦᠷᠡᠵᠢᠬᠦᠯᠬᠦ ᠡᠷᠤᠬᠡ ᠴᠧᠨ ᠬᠦᠭᠵᠢᠯᠳᠤ ᠶᠠᠷᠢᠨ᠎ᠠ᠃     ᠵᠠᠯᠠᠶᠢᠳ ᠬᠤᠰᠢᠭᠤᠨ ᠤ ᠲᠡᠳ᠋ ᠪᠠᠯᠭᠠᠰᠤᠨ ᠲᠠᠷᠤᠭ᠎ᠠ ᠴᠠᠩ ᠯᠢ᠄ ︽ᠪᠢᠳᠠ ᠨᠢᠭᠡ ᠲᠠᠯ᠎ᠠ ᠪᠠᠷ ᠪᠠᠯᠭᠠᠰᠤ᠂ ᠲᠤᠰᠬᠤᠨ ᠤ ᠬᠤᠶᠠᠷ ᠱᠠᠳᠤᠨ ᠤ ᠬᠠᠥᠯᠢ ᠬᠡᠷᠡᠭᠵᠢᠬᠦᠯᠬᠦ ᠡᠩᠨᠡᠭᠡ ᠪᠠᠷ ᠲᠠᠮᠵᠢᠨ ᠤᠬᠠᠭᠤᠯᠭ᠎ᠠ ᠬᠢᠵᠤ᠂ ᠲᠤᠭᠤᠷᠢᠨ ᠪᠠᠶᠢᠴᠠᠭᠠᠬᠤ ᠬᠦᠴᠤᠯᠡᠴᠠ ᠪᠠᠨ ᠨᠡᠮᠡᠭᠳᠡᠬᠦᠯᠵᠤ᠂ ᠬᠤᠯᠠᠭᠠᠶᠢᠴᠢ ᠪᠠᠷ ᠪᠠᠯᠴᠢᠭᠡᠷᠯᠡᠬᠦᠯᠬᠦ ᠪᠠ ᠮᠠᠯᠵᠢᠬᠤ ᠠᠰᠠᠭᠤᠳᠠᠯ ᠢ ᠰᠶᠢᠳᠪᠤᠷᠢᠯᠡᠪᠡ︔ ᠨᠦᠬᠦᠭᠡ ᠲᠠᠯ᠎ᠠ ᠪᠠᠷ ᠪᠢᠳᠠ ᠲᠡᠵᠢᠭᠡᠨ ᠦᠷᠡᠵᠢᠬᠦᠯᠬᠦ ᠡᠷᠤᠬᠡ ᠶᠢᠨ ᠡᠪᠡᠰᠤ ᠪᠤᠷᠳᠤᠭ᠎ᠠ ᠬᠦᠢᠴᠡᠳ ᠪᠤᠰᠤ ᠮᠠᠰᠢᠨ ᠲᠦᠬᠦᠭᠡᠷᠤᠮᠵᠢ ᠲᠡᠬᠦᠯᠳᠡᠷ ᠪᠤᠰᠤ ᠠᠰᠠᠭᠤᠳᠠᠯ ᠢ ᠰᠶᠢᠳᠪᠤᠷᠢᠯᠡᠨ᠂ ᠬᠤᠨᠢ ᠮᠠᠯ ᠳᠡᠵᠢᠭᠡᠬᠦ ᠬᠠᠮᠢᠶ᠎ᠠ ᠪᠦᠬᠦᠢ ᠠᠰᠠᠭᠤᠳᠠᠯ ᠳᠤ ᠪᠤᠳᠠᠳᠠᠢ ᠬᠠᠷᠠᠭᠠᠯᠵᠠᠯ ᠤᠨ ᠲᠦᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠡᠯᠴᠢᠭᠡᠷ ᠢ ᠰᠡᠷᠬᠦᠭᠡᠭᠰᠡᠨ ᠤ ᠬᠠᠮᠳᠤ ᠲᠡᠵᠢᠭᠡᠨ ᠦᠷᠡᠵᠢᠬᠦᠯᠬᠦ ᠡᠷᠤᠬᠡ ᠶᠢᠨ ᠦᠢᠯᠡᠳᠪᠤᠷᠢᠯᠡᠯ ᠢ ᠬᠦᠭᠵᠢᠬᠦᠯᠵᠤ᠂ ᠠᠮᠢ ᠠᠬᠤᠢ ᠶᠢᠨ ᠦᠷ᠎ᠠ ᠠᠰᠢᠭ ᠪᠠ ᠦᠢᠯᠡᠳᠪᠤᠷᠢᠯᠡᠯ ᠤᠨ ᠦᠷ᠎ᠠ ᠠᠰᠢᠭ ᠤᠨ ᠬᠤᠤᠰ ᠢᠯᠠᠯᠳᠠ ᠶᠢ ᠪᠡᠶᠡᠯᠡᠬᠦᠯᠵᠤ ᠴᠢᠳᠠᠵᠠᠢ︾ ᠭᠡᠪᠠ᠃ ︵ᠴᠤᠯᠮᠤᠨ   ᠸᠧᠨ ᠰᠢᠩ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号