ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠬᠢᠵᠡᠢ
ᠨᠡᠶᠢᠲᠡᠯᠡᠭᠰᠡᠨ ᠴᠠᠭ᠄
2024/6/25
            ᠤᠶᠢᠷ᠎ᠠ ᠳᠤ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠪᠣᠣ ᠳ᠋ᠧ ᠹᠦ᠋ ᠲᠣᠰᠬᠤᠨ ᠤ ᠰᠣᠶᠣᠯ ᠤᠨ ᠠᠭᠤᠳᠠᠮ ᠲᠠᠯᠠᠪᠠᠢ ᠳᠤ᠂ ᠬᠤᠯᠪᠣᠭ᠎ᠠ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠬᠠᠷᠢᠶ᠎ᠠ ᠣᠷᠣᠨ ᠤ ᠪᠠᠨ ᠬᠡᠰᠡᠭ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠠᠵᠢᠯᠲᠠᠳ ᠢ ᠵᠣᠬᠢᠶᠠᠨ ᠪᠠᠶᠢᠭᠤᠯᠤᠭᠠᠳ‌ᠬᠤᠰᠢᠭᠤᠨ ᠤ 8 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠭᠠᠷᠠᠭ ᠵᠢᠴᠢ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ  ᠃ ᠲᠤᠰ ᠣᠳᠠᠭᠠᠨ ᠤ ᠠᠵᠢᠯᠯᠠᠭ᠎ᠠ ᠳᠤ ᠨᠡᠶᠢᠲᠡ150 ᠭᠠᠷᠤᠢ ᠤᠯᠠᠨ ᠲᠦᠮᠡᠨ ᠣᠷᠣᠯᠴᠠᠵᠠᠢ᠃
    ᠲᠤᠰ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠮᠴᠢᠯᠡᠭᠡᠨ ᠤ ᠠᠵᠢᠯᠲᠠᠳ ᠣᠯᠠᠨ ᠲᠦᠮᠡᠨ ᠤ ᠴᠢᠰᠤᠨ ᠳᠠᠷᠤᠯᠲᠠ ᠪᠠ ᠴᠢᠰᠤᠨ ᠰᠢᠬᠢᠷ ᠢ ᠬᠡᠮᠵᠢᠬᠦ᠂ ᠰᠤᠳᠠᠯ ᠪᠠᠷᠢᠵᠤ ᠡᠪᠡᠳᠴᠢᠨ ᠣᠨᠣᠰᠢᠯᠠᠬᠤ᠂ ᠹᠢᠽᠢᠺ ᠵᠠᠰᠠᠯ ᠤᠨ ᠢᠯᠢᠬᠦ ᠦᠢᠯᠡᠴᠢᠯᠡᠭᠡ ᠵᠡᠷᠭᠡ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠲᠡᠳᠠᠨᠠᠷ ᠲᠤ ᠡᠯ᠎ᠡ ᠲᠥᠷᠥᠯ ᠤᠨ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠤᠨ ᠲᠤᠬᠠᠢ ᠤᠬᠠᠭᠤᠯᠵᠠᠢ᠃  ᠪᠠᠰᠠ ᠲᠡᠳᠡᠨᠠᠷ ᠤᠨ ᠠᠮᠤᠷ ᠲᠦᠪᠰᠢᠨ ᠢᠶᠠᠷ ᠵᠦᠶ ᠵᠣᠬᠢᠰᠲᠠᠶ ᠡᠮ ᠬᠡᠷᠡᠭᠯᠡᠬᠦ ᠵᠢᠴᠢ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠡᠷᠡᠭᠦᠯ ᠬᠠᠮᠠᠭᠠᠯᠠᠯ ᠤᠨ ᠠᠩᠬᠠᠷᠬᠤ ᠵᠦᠢᠯᠡᠰ ᠢ  ᠲᠠᠶᠢᠯᠪᠤᠷᠢᠯᠠᠨ ᠦᠭᠴᠡᠢ᠃
 
ᠢᠷᠡᠯᠲᠡ᠄ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号